Paper Information


Title ᠣᠳᠣ ᠦᠶ᠎ᠡ ᠶᠢᠨ ᠠᠳᠤᠭᠤᠨ ᠳᠠᠩᠰᠠᠯᠠᠯ ᠤᠨ ᠬᠤᠷᠢᠶᠠᠩᠭᠤᠢᠯᠠᠯ — ᠰᠢᠯᠢᠨ ᠭᠤᠤᠯ ᠠᠢᠮᠠᠭ ᠤᠨ ᠪᠠᠶᠠᠨᠰᠢᠯᠢ ᠠᠳᠤᠭᠤᠨ ᠲᠠᠯᠠᠪᠠᠢ ᠶᠢᠨ ᠠᠳᠤᠭᠤᠨ ᠳᠠᠩᠰᠠᠯᠠᠯ ᠢᠶᠠᠷ ᠵᠢᠱᠢᠶᠡᠯᠡᠪᠡ
Creator ᠪᠤᠶᠠᠨ᠎ᠠ; ᠮᠠᠩᠯᠠᠢ
Keyword ᠠᠳᠤᠭᠤ; ᠳᠠᠩᠰᠠᠯᠠᠯ; ᠰᠢᠨ᠎ᠡ ᠬᠡᠯᠪᠡᠷᠢ
Abstract ᠮᠣᠩᠭᠤᠯ ᠰᠤᠶᠤᠯ ᠤᠨ ᠰᠤᠳᠤᠯᠤᠯ ᠳᠤ᠂ ᠠᠳᠤᠭᠤᠨ ᠳᠠᠩᠰᠯᠠᠠᠯ ᠪᠤᠯ ᠠᠳᠤᠭᠤᠨ ᠰᠤᠶᠤᠯ ᠤᠨ ᠴᠢᠬᠤᠯᠠ ᠨᠢᠭᠡ ᠪᠦᠷᠢᠯᠳᠦᠭᠦᠨ ᠶᠤᠮ᠃ ᠡᠷᠲᠡ ᠡᠴᠡ ᠠᠳᠤᠭᠤᠴᠢᠨ ᠬᠦᠮᠦᠨ ᠠᠳᠤᠭᠤᠨ ᠰᠦᠷᠦᠭ ᠦᠨ ᠢᠶᠡᠨ ᠠᠳᠤᠭᠤ ᠪᠦᠷᠢ ᠶᠢᠨ ᠵᠢᠰᠦᠮ ᠢ ᠨᠢᠳᠦᠯᠡᠨ ᠲᠠᠨᠢᠵᠤ᠂ ᠲᠡᠷᠡᠴᠢᠯᠡᠨ ᠲᠡᠭᠦᠨ ᠦ ᠣᠨᠴᠠᠯᠢᠭ ᠢ ᠶᠠᠷᠢᠶ᠎ᠠ ᠪᠠᠷ ᠤᠯᠠᠮᠵᠢᠯᠠᠳᠠᠭ᠃ ᠡᠢᠮᠦ ᠡᠴᠡ ᠠᠷᠠᠳ ᠤᠨ ᠳᠤᠮᠳᠠ 《ᠠᠭᠤᠯᠠ ᠳᠦᠭᠦᠷᠡᠩ ᠤᠯᠠᠭᠠᠨ ᠠᠳᠤᠭᠤ ᠲᠠᠢ》 ᠭᠡᠰᠡᠨ ᠤᠯᠠᠮᠵᠢᠯᠠᠯᠲᠤ ᠠᠮᠠᠨ ᠶᠠᠷᠢᠶ᠎ᠠ ᠪᠠᠢᠳᠠᠭ᠃ ᠭᠡᠪᠡᠴᠦ ᠣᠳᠣ ᠦᠶ᠎ᠡ ᠳᠦ ᠪᠠᠰᠠ ᠡᠨᠡ ᠬᠦ ᠠᠷᠭ᠎ᠠ ᠪᠠᠷ ᠠᠳᠤᠭᠤᠨ ᠤ ᠬᠠᠮᠢᠶ᠎ᠠ ᠪᠦᠬᠦᠢ ᠰᠢᠨᠵᠢ ᠲᠡᠮᠳᠡᠭ᠂ ᠣᠨᠴᠠᠯᠢᠭ ᠢ ᠲᠡᠮᠳᠡᠭᠯᠡᠨ ᠲᠤᠭᠠᠴᠠᠬᠤ ᠨᠢ ᠴᠠᠭ ᠦᠶ᠎ᠡ ᠲᠡᠢ ᠨᠡᠢᠴᠡᠬᠦ ᠦᠭᠡᠢ ᠶᠠᠪᠤᠳᠠᠯ ᠪᠤᠯᠤᠭᠰᠠᠨ ᠪᠠᠢᠨ᠎ᠠ᠃ ᠤᠴᠢᠷ ᠨᠢ ᠣᠳᠣ ᠦᠶ᠎ᠡ ᠶᠢᠨ ᠠᠳᠤᠭᠤᠨ ᠤ ᠦᠢᠯᠡᠳᠪᠦᠷᠢᠯᠡᠯ ᠦᠨ ᠴᠢᠳᠠᠪᠤᠷᠢ ᠨᠢ ᠦᠩᠭᠡᠷᠡᠭᠰᠡᠨ ᠦ ᠲᠡᠷᠭᠡᠨ ᠳᠦ ᠬᠦᠯᠵᠦ᠂ ᠠᠨᠵᠢᠰᠤ ᠴᠢᠩᠭᠠᠭᠠᠯᠠᠭᠠᠬᠤ ᠯᠠ ᠶᠠᠪᠤᠳᠠᠯ ᠪᠢᠰᠢ ᠪᠤᠯᠵᠠᠢ᠃ ᠠᠳᠤᠭᠤᠨ ᠤ ᠬᠡᠷᠡᠭᠯᠡᠯᠲᠡ ᠦᠷᠭᠡᠨ ᠳᠡᠯᠭᠡᠷᠡᠩᠭᠦᠢ ᠪᠤᠯᠤᠭᠰᠠᠨ ᠤᠴᠢᠷ ᠠᠴᠠ ᠰᠢᠨ᠎ᠡ ᠰᠢᠰᠲ᠋ᠧᠮ ᠲᠡᠢ ᠲᠡᠮᠳᠡᠭᠯᠡᠨ᠂ ᠳᠠᠷᠠᠭᠠᠴᠢ ᠶᠢᠨ ᠰᠢᠨ᠎ᠡ ᠡᠭᠦᠯᠳᠡᠷ ᠢ ᠪᠤᠢᠵᠢᠭᠤᠯᠬᠤ ᠳᠤ᠂ ᠰᠢᠨ᠎ᠡ ᠬᠡᠯᠪᠡᠷᠢ ᠶᠢᠨ ᠦᠢᠯᠡᠳᠪᠦᠷᠢᠯᠡᠯ ᠦᠨ ᠴᠢᠳᠠᠪᠤᠷᠢ ᠲᠠᠢ ᠠᠳᠤᠭᠤ ᠰᠤᠩᠭᠤᠬᠤ ᠳᠤ ᠡᠰᠢ ᠪᠠᠷᠢᠮᠲᠠ ᠶᠢ ᠬᠠᠩᠭᠠᠬᠤ ᠴᠢᠬᠤᠯᠠ ᠲᠠᠢ ᠪᠠᠢᠨ᠎ᠠ᠃ ᠲᠤᠰ ᠦᠭᠦᠯᠡᠯ ᠳᠦ᠂ ᠰᠢᠯᠢᠨ ᠭᠤᠤᠯ ᠠᠢᠮᠠᠭ ᠤᠨ ᠪᠠᠶᠠᠨᠰᠢᠯᠢ ᠠᠳᠤᠭᠤᠨ ᠲᠠᠯᠠᠪᠠᠢ ᠶᠢᠨ 2009 ~ 2011 ᠣᠨ ᠳᠤ ᠠᠷᠠᠴᠢᠯᠠᠨ ᠲᠡᠵᠢᠭᠡᠭᠰᠡᠨ 320 ᠬᠠᠭᠠᠰ ᠴᠡᠪᠡᠷ ᠴᠢᠰᠦᠨ ᠦ ᠠᠳᠤᠭᠤᠨ ᠳᠠᠩᠰᠠᠯᠠᠯ ᠢ ᠪᠠᠢᠭᠤᠯᠬᠤ ᠪᠠᠷ ᠳᠠᠮᠵᠢᠵᠤ᠂ ᠣᠳᠣ ᠦᠶ᠎ᠡ ᠶᠢᠨ ᠰᠢᠨ᠎ᠡ ᠮᠠᠶᠢᠭ ᠤᠨ ᠠᠳᠤᠭᠤᠨ ᠳᠠᠩᠰᠠᠯᠠᠯ ᠢ ᠬᠡᠷᠬᠢᠨ ᠪᠠᠢᠭᠤᠯᠬᠤ ᠲᠤᠬᠠᠢ ᠦᠭᠦᠯᠡᠪᠡ᠃
Original Literature No Original Paper
出自 内蒙古师范大学学报(自然科学蒙古文版) 2014年 第2期

联系我们


内蒙古大学图书馆
呼和浩特市大学西路235号
中国·内蒙古
P: (0471) 4992561
E: huangfeilong@imu.edu.cn