Paper Information


Title ᠠᠷᠠᠳ ᠤᠨ ᠰᠢᠯᠦᠭᠴᠢ ᠨᠠ‍᠂ ᠰᠠᠢ᠌ᠨᠴᠤᠭᠲᠤ ᠶᠢᠨ ‍ᠠ ᠮᠣᠩ᠋ᠭᠤᠯ ᠤᠷᠠᠨ ᠵᠤᠬᠢᠶᠠᠯ ᠤᠨ ᠬᠦᠭ᠍ᠵᠢᠯ ᠳᠦ ᠦᠵᠡᠭᠦᠯᠦᠭᠰᠡᠨ ᠵᠢᠳᠭᠦᠯ
Creator ᠦ‍᠂ ᠱᠤᠭᠠᠷ᠎ᠠ
Keyword ᠨᠠ‍᠂ ᠰᠠᠢ᠌ᠨᠴᠤᠭᠲᠤ; ᠮᠣᠩ᠋ᠭᠤᠯ ᠤᠷᠠᠨ ᠵᠤᠬᠢᠶᠠᠯ; ᠭᠠᠪᠢᠶ᠎ᠠ ᠵᠢᠳᠭᠦᠯ
Abstract ᠨᠠ‍᠂ ᠰᠠᠢ᠌ᠨᠴᠤᠭᠲᠤ ᠪᠤᠯ ᠮᠣᠩ᠋ᠭᠤᠯ ᠦᠨᠳᠦᠰᠦᠲᠡᠨ ᠦ ᠣᠷᠴᠢᠨ ᠪᠠ ᠣᠳᠣ ᠦᠶ᠎ᠡ ᠶᠢᠨ ᠤᠷᠠᠨ ᠵᠤᠬᠢᠶᠠᠯ ᠤᠨ ᠦᠨᠳᠦᠰᠦᠯᠡᠭᠴᠢ᠂ ᠪᠢᠯᠢᠭᠲᠦ ᠠᠷᠠᠳ ᠤᠨ ᠰᠢᠯᠦᠭᠴᠢ ᠶᠤᠮ᠃ ᠲᠡᠭᠦᠨ ᠦ ᠵᠤᠬᠢᠶᠠᠯ ᠪᠦᠲᠦᠭᠡᠯ ᠢᠨᠦ ᠬᠤᠷᠢᠳᠤᠭᠠᠷ ᠵᠠᠭᠤᠨ ᠤ ᠮᠣᠩ᠋ᠭᠤᠯ ᠦᠨᠳᠦᠰᠦᠲᠡᠨ ᠦ ᠤᠷᠠᠨ ᠵᠤᠬᠢᠶᠠᠯ ᠤᠨ ᠴᠢᠬᠤᠯᠠ ᠪᠦᠷᠢᠯᠳᠦᠭᠦᠨ᠂ ᠲᠡᠭᠦᠨ ᠦ ᠰᠤᠳᠤᠯᠤᠯ ᠢᠨᠦ ᠬᠤᠷᠢᠳᠤᠭᠠᠷ ᠵᠠᠭᠤᠨ ᠤ ᠮᠣᠩ᠋ᠭᠤᠯ ᠤᠷᠠᠨ ᠵᠤᠬᠢᠶᠠᠯ ᠤᠨ ᠰᠤᠳᠤᠯᠤᠯ ᠤᠨ ᠦᠨᠳᠦᠰᠦᠨ ᠰᠡᠳᠦᠪ ᠦᠨ ᠨᠢᠭᠡ ᠪᠢᠯᠡ᠃ ᠡᠨᠡ ᠬᠦ ᠲᠠᠨᠢᠯᠲᠠ ᠶᠢᠨ ᠡᠭᠦᠳᠡᠨ ᠡᠴᠡ ᠨᠠ‍‍᠂ ᠰᠠᠢ᠌ᠨᠴᠤᠭᠲᠤ ᠶᠢᠨ ᠵᠤᠢᠶᠠᠯ ᠪᠦᠲᠦᠭᠡᠯ ᠢ ᠮᠣᠩ᠋ᠭᠤᠯ ᠤᠷᠠᠨ ᠵᠤᠬᠢᠶᠠᠯ ᠤᠨ ᠲᠡᠦᠬᠡᠨ ᠬᠦᠭ᠍ᠵᠢᠯ ᠡᠴᠡ ᠠᠵᠢᠭᠯᠠᠬᠤ ᠶᠢᠨ ᠬᠠᠮᠲᠤ ᠴᠠᠭ ᠡᠷᠢᠨ ᠦ ᠬᠠᠷᠠᠭᠠᠰᠤ ᠠᠴᠠ ᠰᠢᠨᠵᠢ᠂ ᠮᠣᠩ᠋ᠭᠤᠯ ᠤᠷᠠᠨ ᠵᠤᠬᠢᠶᠠᠯ ᠤᠨ ᠲᠡᠦᠬᠡᠨ ᠬᠦᠭ᠍ᠵᠢᠯ ᠳᠦ 《ᠰᠢᠨ᠎ᠡ ᠶᠠᠭᠤᠮ᠎ᠠ ᠶᠢ ᠬᠠᠩ᠋ᠭᠠᠨ ᠦᠭ᠍ᠭᠦᠭ᠍ᠰᠡᠨ ᠢᠶᠡᠷ ᠨᠢ ᠦᠨᠳᠦᠰᠦᠯᠡᠯ ᠪᠤᠯᠭᠠᠨ》᠄ (᠍1) ᠠᠬᠤᠢ᠌ᠴᠢ ᠦᠵᠡᠯ ᠦᠨ ᠬᠦᠭ᠍ᠵᠢᠭᠦᠯᠦᠯ ᠬᠢᠭᠡᠳ ᠠᠯᠭᠠᠰᠠᠷᠠᠨ ᠵᠤᠪᠠᠨᠢᠬᠤ ᠤᠬᠠᠮᠰᠠᠷ; (2) ᠣᠷᠴᠢᠨ ᠦᠶ᠎ᠡ ᠶᠢᠨ ᠤᠶᠠᠩ᠋ᠭ᠎ᠠ ᠰᠢᠯᠦᠭ ᠦᠨ ᠴᠤᠭᠴᠠᠯᠠᠯ; (3) ᠮᠣᠩ᠋ᠭᠤᠯ ᠤᠷᠠᠨ ᠵᠤᠬᠢᠶᠠᠯ ᠤᠨ ᠬᠡᠯᠪᠡᠷᠢ ᠲᠢᠭ᠌ ᠦᠨ ᠡᠭᠦᠳᠦᠯ ᠰᠢᠨᠡᠴᠢᠯᠡᠯ; (4)ᠣᠳᠣ ᠦᠶ᠎ᠡ ᠶᠢᠨ ᠰᠢᠨ᠎ᠡ ᠰᠢᠯᠦᠭ ᠦᠨ ᠵᠠᠮ ᠢ ᠨᠡᠭᠡᠭᠡ᠍ᠭ᠍ᠴᠢ ᠬᠡᠮᠡᠨ ᠰᠢᠰᠲ᠋ᠧᠮᠴᠢᠯᠡᠨ ᠳ᠋ᠦᠩᠨᠡᠪᠡ᠃
Original Literature View Original Paper
出自 内蒙古师范大学学报 2005年 第1期

联系我们


内蒙古大学图书馆
呼和浩特市大学西路235号
中国·内蒙古
P: (0471) 4992561
E: huangfeilong@imu.edu.cn