Paper Information


Title ᠮᠣᠩᠭ᠋ᠤᠯᠴᠤᠳ ᠤᠨ ᠳᠤᠮᠳᠠ ᠤᠯᠠᠮᠵᠢᠯᠠᠭᠳᠠᠵᠤ ᠪᠦᠬᠦᠢ ᠭᠡᠰᠡᠷ ᠦᠨ ᠳᠤᠮᠤᠭ ᠶᠠᠷᠢᠶᠠᠨ ᠤ ᠲᠤᠬᠠᠢ ᠦᠭᠦᠯᠡᠬᠦ ᠨᠢ
Creator ᠦ‍ · ᠰᠢᠨᠡᠪᠠᠶᠠᠷ
Keyword
Abstract ᠮᠣᠩᠭ᠋ᠤᠯ ᠨᠤᠲᠤᠭ ᠢᠶᠠᠷ ᠭᠡᠰᠡᠷ ᠦᠨ ᠲᠤᠬᠠᠢ ᠳᠤᠮᠤᠭ ᠶᠠᠷᠢᠶ᠎ᠠ ᠮᠠᠰᠢ ᠲᠦᠭᠡᠮᠡᠯ ᠶᠠᠷᠢᠭᠳᠠᠭᠰᠠᠭᠠᠷ ᠢᠷᠡᠵᠡᠢ᠃ ᠲᠡᠷᠡ ᠨᠢ 《ᠭᠡᠰᠡᠷ ᠦᠨ ᠲᠤᠭᠤᠵᠢ》᠋ ᠳᠠᠬᠢ ᠭᠤᠤᠯ ᠪᠠᠭᠠᠲᠤᠷ ᠪᠠ ᠲᠡᠳᠡᠨᠡᠷ ᠦᠨ ᠦᠢᠯᠡ ᠶᠠᠪᠤᠳᠠᠯ ᠢᠶᠠᠷ ᠦᠨᠳᠦᠰᠦᠯᠡᠯ ᠪᠤᠯᠭᠠᠵᠤ᠂ ᠦᠪᠡᠷ ᠦᠨ ᠨᠤᠲᠤᠭ ᠤᠰᠤ᠂ ᠠᠵᠤ ᠠᠮᠢᠳᠤᠷᠠᠯ᠂ ᠵᠠᠩ ᠵᠠᠩᠰᠢᠯ ᠲᠠᠢ ᠪᠠᠨ ᠬᠤᠯᠪᠤᠭᠳᠠᠭᠤᠯᠤᠨ ᠵᠤᠬᠢᠶᠠᠭᠰᠠᠨ ᠳᠤᠮᠤᠭ ᠶᠠᠷᠢᠶ᠎ᠠ ᠪᠤᠯᠤᠨ᠎ᠠ᠃ ᠡᠳᠡᠭᠡᠷ ᠳᠤᠮᠤᠭ ᠶᠠᠷᠢᠶ᠎ᠠ ᠨᠢ ᠳᠤᠮᠤᠭ ᠶᠠᠷᠢᠶᠠᠨ ᠤ ᠨᠡᠢ᠌ᠲᠡ ᠶᠢᠨ ᠣᠨᠴᠠᠯᠢᠭ ᠢ ᠦᠨᠳᠦᠰᠦᠨ ᠳᠡᠭᠡᠨ ᠬᠠᠳᠠᠭᠠᠯᠠᠵᠤ ᠪᠠᠢ᠌ᠬᠤ ᠮᠦᠷᠲᠡᠭᠡᠨ᠂ ᠠᠭᠤᠯᠭ᠎ᠠ᠂ ᠬᠡᠯᠪᠡᠷᠢ᠂ ᠤᠷᠠᠯᠢᠭ ᠪᠠ ᠲᠠᠷᠬᠠᠯᠲᠠ ᠶᠢᠨ ᠪᠠᠢ᠌ᠳᠠᠯ ᠵᠡᠷᠭᠡ ᠲᠠᠯ᠎ᠠ ᠪᠠᠷ ᠦᠪᠡᠷᠮᠢᠴᠡ ᠣᠨᠴᠠᠯᠢᠭ ᠲᠠᠢ ᠶᠤᠮ᠃ ᠭᠡᠰᠡᠷ ᠦᠨ ᠳᠤᠮᠤᠭ ᠶᠠᠷᠢᠶ᠎ᠠ ᠶᠢ ᠴᠤᠭᠯᠠᠭᠤᠯᠵᠤ ᠰᠤᠤᠯᠬᠤ ᠨᠢ 《ᠭᠡᠰᠡᠷ ᠦᠨ ᠲᠤᠭᠤᠵᠢ》᠋ ᠶᠢᠨ ᠰᠤᠳᠤᠯᠤᠯ ᠤᠨ ᠴᠢᠬᠤᠯᠠ ᠨᠢᠭᠡ ᠠᠭᠤᠯᠭ᠎ᠠ ᠪᠤᠯᠬᠤ ᠶᠤᠰᠤᠲᠠᠢ᠂ ᠲᠡᠷᠡ ᠨᠢ 《ᠭᠡᠰᠡᠷ ᠦᠨ ᠲᠤᠭᠤᠵᠢ》᠋ ᠶᠢᠨ ᠰᠤᠳᠤᠯᠤᠯ ᠳᠤ ᠠᠭᠢᠭᠤᠯᠬᠤ ᠦᠢᠯᠡᠳᠦᠯ ᠦᠵᠡᠭᠦᠯᠬᠦ ᠮᠦᠷᠲᠡᠭᠡᠨ ᠮᠣᠩᠭ᠋ᠤᠯ ᠳᠤᠮᠤᠭ ᠶᠠᠷᠢᠶᠠᠨ ᠤ ᠰᠤᠳᠤᠯᠤᠯ ᠳᠤ ᠴᠤ ᠵᠤᠬᠢᠬᠤ ᠬᠡᠮᠵᠢᠶᠡᠨ ᠦ ᠠᠴᠢ ᠬᠤᠯᠪᠤᠭᠳᠠᠯ ᠲᠠᠢ ᠶᠤᠮ᠃ ᠲᠤᠰ ᠦᠭᠦᠯᠡᠯ ᠨᠢ ᠭᠡᠰᠡᠷ ᠦᠨ ᠲᠤᠬᠠᠢ ᠳᠤᠮᠤᠭ ᠶᠠᠷᠢᠶᠠᠨ ᠤ ᠡᠭᠦᠰᠦᠯᠲᠡ᠂ ᠲᠠᠷᠬᠠᠯᠲᠠ᠂ ᠣᠨᠴᠠᠯᠢᠭ ᠪᠠ ᠲᠡᠭᠦᠨ ᠦ 《ᠭᠡᠰᠡᠷ ᠦᠨ ᠲᠤᠭᠤᠵᠢ》᠋ ᠯᠤᠭ᠎ᠠ ᠶᠢᠨ ᠬᠠᠷᠢᠴᠠᠭ᠎ᠠ ᠬᠤᠯᠪᠤᠭ᠎ᠠ ᠶᠢ ᠲᠤᠳᠤᠷᠬᠠᠢ᠌ᠯᠠᠬᠤ ᠪᠠᠷ ᠰᠢᠨᠵᠢᠯᠡᠯ ᠬᠢᠭ᠍ᠰᠡᠨ ᠪᠠᠢ᠌ᠨ᠎ᠠ᠃
Original Literature No Original Paper
出自 内蒙古大学学报 1993年 第1期

联系我们


内蒙古大学图书馆
呼和浩特市大学西路235号
中国·内蒙古
P: (0471) 4992561
E: huangfeilong@imu.edu.cn