Paper Information


Title ᠮᠣᠩᠭᠤᠯ ᠭᠡᠷ ᠦᠨ ᠪᠦᠲᠦᠴᠡ ᠶᠢᠨ ᠰᠤᠶᠤᠯ ᠰᠡᠳᠬᠢᠯᠭᠡᠨ ᠦ ᠠᠩᠬᠠᠨ ᠤ ᠰᠢᠨᠵᠢᠯᠡᠭᠡ
Creator ᠤᠷᠠᠨ᠎ᠠ
Keyword ᠮᠣᠩᠭᠤᠯ ᠭᠡᠷ; ᠮᠣᠩᠭᠤᠯ ᠦᠨᠳᠦᠰᠦᠲᠡᠨ; ᠰᠡᠳᠬᠢᠭᠦᠢ; ᠰᠤᠶᠤᠯ
Abstract ᠮᠣᠩᠭᠤᠯ ᠭᠡᠷ ᠦᠨ ᠰᠤᠶᠤᠯ ᠪᠤᠯ ᠮᠣᠩᠭᠤᠯ ᠦᠨᠳᠦᠰᠦᠲᠡᠨ ᠦ ᠲᠡᠦᠬᠡᠨ ᠬᠦᠭᠵᠢᠯᠲᠡ ᠶᠢᠨ ᠶᠠᠪᠤᠴᠠ ᠳᠤᠮᠳᠠ ᠪᠤᠢ ᠪᠤᠯᠤᠭᠰᠠᠨ ᠪᠦᠬᠦᠢᠯᠡ ᠡᠳ᠋ ᠪᠡ ᠤᠶᠤᠨ ᠤ ᠰᠤᠶᠤᠯ ᠤᠨ ᠳᠤᠲᠠᠭᠳᠠᠵᠤ ᠪᠤᠯᠤᠰᠢ ᠦᠭᠡᠢ ᠪᠦᠷᠢᠯᠳᠦᠭᠦᠨ ᠪᠤᠯᠤᠨ᠎ᠠ᠃ ᠣᠯᠠᠨ ᠤ ᠮᠡᠳᠡᠭᠡᠵᠢ ᠪᠡᠷ᠂ ᠮᠣᠩᠭᠤᠯ ᠦᠨᠳᠦᠰᠦᠲᠡᠨ ᠪᠤᠯ ᠶᠢᠷᠲᠢᠨᠴᠦ ᠶᠢᠨ ᠴᠢᠬᠢᠨ᠎ᠡ ᠳᠠᠭᠤᠷᠢᠰᠬᠠᠯ ᠲᠠᠢ᠂ ᠲᠡᠦᠬᠡᠨ ᠳᠠᠪᠴᠠᠩ ᠳᠤ ᠤᠯᠠ ᠮᠦᠷ ᠢᠶᠡᠨ ᠦᠯᠡᠳᠡᠭᠡᠭᠰᠡᠨ ᠠᠽᠢᠶ᠎ᠠ ᠲᠢᠪ ᠦᠨ ᠰᠤᠷᠪᠤᠯᠵᠢᠲᠦ ᠦᠨᠳᠦᠰᠦᠲᠡᠨ ᠦ ᠨᠢᠭᠡ ᠮᠦᠨ᠃ ᠮᠣᠩᠭᠤᠯ ᠭᠡᠷ ᠦᠨ ᠰᠤᠶᠤᠯ ᠰᠡᠳᠬᠢᠭᠦᠢ ᠶᠢ ᠰᠤᠳᠤᠯᠬᠤ ᠶᠠᠪᠤᠳᠠᠯ ᠪᠤᠯ ᠲᠡᠭᠦᠨ ᠢ ᠡᠭᠦᠳᠦᠨ ᠪᠠᠢᠭᠤᠯᠤᠭᠰᠠᠨ ᠨᠡᠭᠦᠳᠡᠯᠴᠢᠨ ᠠᠷᠠᠳ ᠤᠨ ᠰᠡᠳᠬᠢᠭᠦᠢ ᠶᠢ ᠰᠤᠳᠤᠯᠵᠤ ᠪᠠᠢᠭ᠎ᠠ ᠶᠠᠪᠤᠳᠠᠯ ᠪᠤᠯᠤᠨ᠎ᠠ᠃ ᠲᠤᠰ ᠦᠭᠦᠯᠡᠯ᠂ ᠡᠩ ᠲᠡᠷᠢᠭᠦᠨ ᠳᠦ ᠮᠣᠩᠭᠤᠯ ᠭᠡᠷ ᠦᠨ ᠡᠭᠦᠰᠦᠯ ᠬᠤᠪᠢᠷᠠᠯ ᠤᠨ ᠲᠤᠢᠮᠤ᠂ ᠳᠠᠷᠠᠭ᠎ᠠ ᠨᠢ᠂ ᠮᠣᠩᠭᠤᠯ ᠭᠡᠷ ᠦᠨ ᠪᠦᠲᠦᠴᠡ ᠳᠦ ᠯᠤᠭᠢᠭ ᠠᠭᠤᠯᠭ᠎ᠠ ᠬᠡᠯᠪᠡᠷᠢ ᠶᠢᠨ ᠵᠠᠳᠠᠯᠤᠯᠲᠠ ᠬᠢᠵᠦ᠂ ᠬᠠᠮᠤᠭ ᠰᠡᠭᠦᠯ ᠳᠦ ᠮᠣᠩᠭᠤᠯ ᠭᠡᠷ ᠦᠨ ᠰᠤᠶᠤᠯ ᠳᠠᠬᠢ ᠨᠡᠭᠦᠳᠡᠯᠴᠢᠳ ᠦᠨ ᠪᠡᠯᠭᠡᠳᠡᠯ ᠰᠡᠳᠬᠢᠭᠦᠢ᠂ ᠬᠦᠷᠢᠶ᠎ᠡ ᠰᠡᠳᠬᠢᠭᠦᠢ ᠪᠡ ᠠᠮᠢ ᠠᠬᠤᠢ ᠶᠢᠨ ᠰᠡᠳᠬᠢᠭᠦᠢ ᠵᠡᠷᠭᠡ ᠲᠠᠯ᠎ᠠ ᠠᠴᠠ ᠠᠩᠬᠠᠷᠬᠤ ᠶᠢ ᠬᠢᠴᠢᠶᠡᠪᠡ᠃
Original Literature No Original Paper
出自 蒙古学研究 2015年 第3期

联系我们


内蒙古大学图书馆
呼和浩特市大学西路235号
中国·内蒙古
P: (0471) 4992561
E: huangfeilong@imu.edu.cn