Paper Information


Title ᠤᠯᠠᠮᠵᠢᠯᠠᠯᠲᠤ ᠬᠦᠳᠡᠭᠡ ᠠᠵᠤ ᠠᠬᠤᠢ ᠠᠴᠠ ᠤᠳᠤᠬᠢᠴᠢᠯᠠᠭᠰᠠᠨ ᠬᠦᠳᠡᠭᠡ ᠠᠵᠤ ᠠᠬᠤᠢ ᠲᠡᠰᠢ ᠰᠢᠯᠵᠢᠬᠦ ᠦᠶ᠎ᠡ ᠶᠢᠨ ᠪᠤᠳᠠᠲᠠᠢ ᠠᠷᠭ᠎ᠠ ᠬᠡᠮᠵᠢᠶ᠎ᠡ
Creator ᠪᠦᠷᠢᠨᠲᠤᠭᠤᠰᠤ
Keyword ᠤᠯᠠᠮᠵᠢᠯᠠᠯᠲᠤ ᠬᠦᠳᠡᠭᠡ ᠠᠵᠤ ᠠᠬᠤᠢ; ᠤᠳᠤᠬᠢᠴᠢᠯᠠᠭᠰᠠᠨ ᠬᠦᠳᠡᠭᠡ ᠠᠵᠤ ᠠᠬᠤᠢ; ᠠᠵᠤ ᠦᠢᠯᠡᠰᠦᠵᠢᠭᠦᠯᠦᠯᠲᠡ
Abstract ᠬᠦᠳᠡᠭᠡ ᠠᠵᠤ ᠠᠬᠤᠢ ᠶᠢᠨ ᠠᠵᠤ ᠦᠢᠯᠡᠰᠦᠵᠢᠭᠦᠯᠦᠯᠲᠡ ᠪᠤᠯ ᠤᠳᠤᠬᠠᠨ ᠤ ᠮᠠᠨ ᠤ ᠤᠯᠤᠰ ᠤᠨ ᠠᠵᠤ ᠠᠬᠤᠢ ᠶᠢᠨ ᠠᠵᠢᠯ ᠤᠨ ᠭᠤᠤᠯᠳᠠᠯᠭ᠎ᠠ ᠶᠢᠨ ᠨᠢᠭᠡ ᠮᠦᠨ᠃ ᠪᠢᠳᠡ ᠤᠳᠤ ᠶᠠᠭ ᠤᠯᠠᠮᠵᠢᠯᠠᠯᠲᠤ ᠬᠦᠳᠡᠭᠡ ᠠᠵᠤ ᠠᠬᠤᠢ ᠠᠴᠠ ᠤᠳᠤᠬᠢᠴᠢᠯᠠᠭᠰᠠᠨ ᠬᠦᠳᠡᠭᠡ ᠠᠵᠤ ᠠᠬᠤᠢ ᠳᠤ ᠬᠦᠷᠬᠦ ᠰᠢᠯᠵᠢᠯᠲᠡ ᠶᠢᠨ ᠠᠬᠩ᠋ᠬᠠᠨ ᠤ ᠱᠠᠲᠤᠨ ᠳᠤ ᠤᠷᠤᠰᠢᠵᠤ ᠪᠠᠶᠢᠨ᠎ᠠ᠃ ᠤᠷᠴᠢᠮ ᠤᠨ ᠵᠢᠯ ᠦᠳ ᠲᠦ᠂ ᠨᠠᠮ ᠵᠠᠰᠠᠭ ᠠᠴᠠ 《ᠵᠠᠬ᠎ᠠ》ᠳᠡᠯᠭᠡᠭᠦᠷ ᠲᠦ ᠴᠢᠭᠯᠡᠭᠦᠯᠵᠦ᠂ ᠪᠦᠲᠦᠴᠡ ᠪᠡᠨ ᠲᠤᠬᠢᠷᠠᠭᠤᠯᠤᠨ᠂ ᠤᠷᠴᠢᠨ ᠠᠬᠤᠢ ᠶᠢ ᠰᠠᠶᠢᠵᠢᠷᠠᠭᠤᠯᠵᠤ᠂ ᠦᠷ᠎ᠡ ᠪᠦᠲᠦᠮᠵᠢ ᠪᠡᠨ ᠳᠡᠭᠡᠭ᠍ᠰᠢᠯᠡᠭᠦᠯᠵᠦ᠂ ᠬᠦᠴᠦᠷᠬᠡᠭ᠌ ᠤᠷᠤᠨ ᠨᠤᠲᠤᠭ ᠢ ᠪᠦᠲᠦᠬᠡᠨ ᠪᠠᠶᠢᠭᠤᠯᠬᠤ》ᠰᠠᠨᠠᠭᠤᠯᠭ᠎ᠠ ᠳᠤᠷᠠᠳᠴᠤ᠂ ᠤᠯᠠᠨ ᠲᠦᠮᠡᠨ ᠢ ᠪᠦᠲᠦᠮᠵᠢ ᠪᠡᠨ ᠳᠡᠭᠡᠭ᠍ᠰᠢᠯᠡᠭᠦᠯᠵᠦ᠂ ᠬᠦᠴᠦᠷᠬᠡᠭ ᠤᠷᠤᠨ ᠨᠤᠲᠤᠭ ᠢ ᠪᠦᠲᠦᠬᠡᠨ ᠪᠠᠶᠢᠭᠤᠯᠬᠤ》ᠰᠠᠨᠠᠭᠤᠯᠭ᠎ᠠ ᠳᠤᠷᠠᠳᠴᠤ᠂ ᠤᠯᠠᠨ ᠲᠦᠮᠡᠨ ᠢ ᠳᠠᠶᠢᠴᠢᠯᠠᠨ᠂ ᠬᠠᠳᠠᠭᠤᠵᠢᠯᠲᠠᠢ ᠲᠡᠮᠡᠴᠡᠭᠰᠡᠨ ᠡᠴᠡ ᠬᠦᠳᠡᠭᠡ ᠠᠵᠤ ᠠᠬᠤᠢ ᠶᠢᠨ ᠠᠵᠤ ᠦᠢᠯᠡᠰᠦᠵᠢᠭᠦᠯᠦᠯᠲᠡ ᠰᠢᠨ᠎ᠡ ᠨᠢᠭᠡᠨ ᠳᠡᠭᠲᠡᠷ ᠲᠦ ᠭᠠᠷᠴᠤ᠂ ᠬᠦᠳᠡᠭᠡ ᠠᠵᠤ ᠠᠬᠤᠢ ᠶᠢᠨ ᠡᠷᠡᠭᠦᠯ ᠢᠶᠡᠷ ᠬᠦᠭ᠍ᠵᠢᠬᠦ ᠶᠢ ᠳᠠᠶᠢᠴᠢᠯᠠᠭᠰᠠᠨ ᠪᠠᠶᠢᠨ᠎ᠠ᠃ ᠦᠭᠦᠯᠡᠯ ᠳᠦ ᠪᠤᠳᠠᠲᠤ ᠪᠠᠶᠢᠳᠠᠯ ᠳᠤ ᠴᠢᠭᠯᠡᠭᠦᠯᠦᠨ᠂ ᠬᠦᠳᠡᠭᠡ ᠠᠵᠤ ᠠᠬᠤᠢ ᠶᠢᠨ ᠠᠵᠤ ᠦᠢᠯᠡᠰᠵᠢᠭᠦᠯᠦᠯᠲᠡ ᠶᠢᠨ ᠶᠠᠪᠤᠴᠠ ᠳᠤᠮᠳᠠ ᠤᠷᠤᠰᠢᠵᠤ ᠪᠠᠶᠢᠭ᠎ᠠ ᠠᠰᠠᠭᠤᠳᠠᠯ ᠪᠠ ᠰᠢᠢᠳᠪᠦᠷᠢᠯᠡᠬᠦ ᠠᠷᠭ᠎ᠠ ᠶᠢᠨ ᠲᠤᠬᠠᠢ ᠦᠡᠷ ᠦᠨ ᠦᠵᠡᠯᠲᠡ ᠪᠡᠨ ᠳᠤᠷᠠᠳᠪᠠ᠃
Original Literature View Original Paper
出自 内蒙古社会科学(蒙文版) 2006年 第6期

联系我们


内蒙古大学图书馆
呼和浩特市大学西路235号
中国·内蒙古
P: (0471) 4992561
E: huangfeilong@imu.edu.cn