Title |
ᠪᠠᠭᠰᠢ ᠶᠢᠨ ᠦᠷᠭᠦᠯᠵᠢᠯᠡᠭᠰᠡᠨ ᠰᠤᠷᠭᠠᠨ ᠬᠦᠮᠦᠵᠢᠯ ᠳᠦ ᠤᠷᠤᠰᠢᠵᠤ ᠪᠠᠶᠢᠭ᠎ᠠ ᠠᠰᠠᠭᠤᠳᠠᠯ ᠵᠢᠴᠢ ᠰᠢ᠌ᠳᠪᠦᠷᠢᠯᠡᠬᠦ ᠠᠷᠭ᠎ᠠ ᠪᠤᠳᠤᠯᠭ᠎ᠠ |
Creator |
ᠽᠦᠢ ᠸᠧᠨ |
Keyword |
ᠪᠠᠭᠰᠢ; ᠦᠷᠭᠦᠯᠵᠢᠯᠡᠭᠰᠡᠨ ᠰᠤᠷᠭᠠᠨ ᠬᠦᠮᠦᠵᠢᠯ; ᠠᠰᠠᠭᠤᠳᠠᠯ; ᠰᠢ᠌ᠳᠪᠦᠷᠢᠯᠡᠬᠦ ᠠᠷᠭ᠎ᠠ ᠪᠤᠳᠤᠯᠭ᠎ᠠ |
Abstract |
ᠪᠠᠭᠰᠢ ᠶᠢᠨ ᠦᠷᠭᠦᠯᠵᠢᠯᠡᠭᠰᠡᠨ ᠰᠤᠷᠭᠠᠨ ᠬᠦᠮᠦᠵᠢᠯ ᠪᠤᠯ ᠬᠦᠮᠦᠨ ᠲᠦᠷᠦᠯᠬᠢᠲᠡᠨ ᠦ ᠨᠠᠰᠤᠨ ᠲᠤᠷᠰᠢᠬᠢ ᠰᠤᠷᠭᠠᠨ ᠬᠦᠮᠦᠵᠢᠯ ᠦᠨ ᠴᠢᠬᠤᠯᠠ ᠪᠦᠷᠢᠯᠳᠦᠭᠦᠨ ᠪᠤᠯᠬᠤ ᠪᠦᠭᠡᠳ ᠪᠦᠬᠦᠶᠢᠯᠡ ᠨᠡᠶᠢᠭᠡᠮ ᠦᠨ ᠪᠠᠭᠰᠢ ᠶᠢᠨ ᠡᠩᠨᠡᠭᠡ ᠶᠢᠨ ᠴᠢᠨᠠᠷ ᠴᠢᠨᠰᠠᠭ᠎ᠠ ᠶᠢ ᠨᠡᠶᠢᠳᠡᠮ ᠳᠡᠭᠡᠭ᠍ᠰᠢᠯᠡᠭᠦᠯᠬᠦ ᠬᠦᠴᠦᠷᠬᠡᠭ᠌ ᠶᠡᠬᠡ ᠦᠮᠦᠭ ᠲᠦᠰᠢᠭ ᠪᠤᠯᠬᠤ ᠶᠤᠮ᠃ ᠪᠠᠭᠰᠢ ᠶᠢᠨ ᠦᠷᠭᠦᠯᠵᠢᠯᠡᠭᠰᠡᠨ ᠰᠤᠷᠭᠠᠨ ᠬᠦᠮᠦᠵᠢᠯ ᠢ ᠴᠢᠩ᠋ᠭ᠎ᠠ ᠠᠳᠬᠤᠵᠤ᠂ ᠲᠡᠭᠦᠨ ᠦ ᠦᠢᠯᠡᠳᠦᠯ ᠬᠦᠴᠦᠨ ᠢ ᠭᠦᠢᠴᠡᠳ ᠪᠠᠳᠠᠷᠠᠭᠤᠯᠵᠤ ᠡᠷᠡᠭᠦᠯ ᠴᠢᠭᠢᠷᠠᠭ ᠢᠶᠠᠷ ᠬᠦᠭ᠍ᠵᠢᠭᠦᠯᠦᠶᠡ ᠭᠡᠪᠡᠯ᠂ ᠵᠠᠪᠠᠯ ᠲᠡᠭᠦᠨ ᠦ ᠲᠤᠬᠠᠢ ᠰᠢᠨᠵᠢᠯᠡᠬᠦ ᠤᠬᠠᠭᠠᠨ ᠤ ᠰᠤᠳᠤᠯᠤᠯ ᠢ ᠴᠢᠩ᠋ᠭᠠᠳᠬᠠᠨ᠂ ᠤᠷᠤᠰᠢᠵᠤ ᠪᠠᠶᠢᠭ᠎ᠠ ᠠᠰᠠᠭᠤᠳᠠᠯ ᠢ ᠨᠢᠮᠪᠠᠢ ᠵᠠᠳᠠᠯᠤᠨ ᠰᠤᠳᠤᠯᠵᠤ᠂ ᠪᠠᠭᠰᠢ ᠶᠢᠨ ᠦᠷᠭᠦᠯᠵᠢᠯᠡᠭᠰᠡᠨ ᠰᠤᠷᠭᠠᠨ ᠬᠦᠮᠦᠵᠢᠯ ᠦᠨ ᠤᠨᠴᠠᠯᠢᠭ ᠪᠠ ᠵᠢᠮ᠎ᠡ ᠶᠤᠰᠤᠨ ᠳᠤ ᠨᠡᠶᠢᠴᠡᠭᠰᠡᠨ ᠠᠷᠭ᠎ᠠ ᠠᠪᠴᠢᠯ᠂ ᠬᠡᠯᠪᠡᠷᠢ ᠮᠠᠶᠢᠭ ᠵᠢᠴᠢ ᠬᠠᠤᠯᠢ ᠳᠦᠷᠢᠮ ᠢ ᠪᠠᠶᠢᠭᠤᠯᠤᠨ᠂ ᠪᠦᠬᠦᠶᠢᠯᠡ ᠨᠡᠶᠢᠭᠡᠮ ᠢᠶᠡᠷ ᠬᠦᠨᠳᠦᠳᠭᠡᠨ ᠴᠢᠬᠤᠯᠠᠴᠢᠯᠠᠭᠰᠠᠨ ᠠᠬᠤᠢ ᠤᠷᠴᠢᠨ ᠢ ᠪᠠᠶᠢᠭᠤᠯᠬᠤ ᠬᠡᠷᠡᠭᠲᠡᠢ᠃ |
Original Literature |
View Original Paper
|
出自 |
内蒙古师范大学学报
2006年
第2期
|