Title |
ᠳᠡᠭᠡᠳᠦ ᠰᠤᠷᠭᠠᠭᠤᠯᠢ ᠶᠢᠨ ᠪᠡᠶ᠎ᠡ ᠲᠠᠮᠢᠷ ᠤᠨ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠬᠢᠭᠡᠳ ᠰᠢᠨᠡᠴᠢᠯᠡᠯᠲᠡ |
Creator |
ᠸᠠᠩ ᠹᠦ᠋ ᠴᠢᠤᠸᠠᠨ |
Keyword |
ᠳᠡᠭᠡᠳᠦ ᠰᠤᠷᠭᠠᠭᠤᠯᠢ; ᠪᠡᠶ᠎ᠡ ᠲᠠᠮᠢᠷ ᠤᠨ ᠵᠢᠭᠠᠨ ᠰᠤᠷᠭᠠᠯᠲᠠ; ᠦᠭᠡᠷᠡᠴᠢᠯᠡᠯᠲᠡ; ᠰᠢᠨᠡᠴᠢᠯᠡᠯᠲᠡ |
Abstract |
ᠮᠠᠨ ᠤ ᠤᠯᠤᠰ ᠤᠨ ᠰᠤᠷᠭᠠᠨ ᠬᠦᠮᠦᠵᠢᠯ ᠦᠨ ᠦᠢᠯᠡᠰ ᠪᠡ ᠪᠡᠶ᠎ᠡ ᠲᠠᠮᠢᠷ ᠤᠨ ᠦᠢᠯᠡᠰ ᠦᠨ ᠦᠷᠨᠢᠨ ᠬᠦᠭ᠍ᠵᠢᠬᠦ ᠵᠢᠴᠢ ᠠᠵᠤ ᠠᠬᠤᠢ ᠶᠢᠨ ᠪᠠᠢ᠌ᠭᠤᠯᠤᠮᠵᠢ ᠶᠢᠨ ᠦᠭᠡᠷᠡᠴᠢᠯᠡᠯᠲᠡ ᠶᠢᠨ ᠡᠳᠦᠷ ᠢᠷᠡᠬᠦᠶ᠎ᠡ ᠭᠦᠨᠵᠡᠭᠡᠢ᠌ᠷᠡᠬᠦ ᠶᠢ ᠳᠠᠭᠠᠯᠳᠤᠨ᠂ ᠮᠠᠨ ᠤ ᠤᠯᠤᠰ ᠤᠨ ᠤᠤᠯ ᠠᠴᠠ ᠪᠠᠢ᠌ᠭᠰᠠᠨ ᠳᠡᠭᠡᠳᠦ ᠰᠤᠷᠭᠠᠭᠤᠯᠢ ᠶᠢᠨ ᠪᠡᠶ᠎ᠡ ᠲᠠᠮᠢᠷ ᠤᠨ ᠵᠢᠭᠠᠨ ᠰᠤᠷᠭᠠᠯᠲᠠ ᠨᠢ ᠣᠳᠣ ᠦᠶ᠎ᠡ ᠶᠢᠨ ᠴᠢᠳᠠᠪᠤᠷᠢᠲᠠᠨ ᠢ ᠬᠦᠮᠦᠵᠢᠭᠦᠯᠬᠦ ᠬᠡᠷᠡᠭᠴᠡᠭᠡ ᠲᠡᠢ ᠨᠢᠭᠡᠨᠲᠡ ᠵᠤᠬᠢᠴᠠᠯᠳᠤᠬᠤ ᠦᠭᠡᠢ ᠪᠤᠯᠪᠠ᠃ ᠳᠡᠭᠡᠳᠦ ᠰᠤᠷᠭᠠᠭᠤᠯᠢ ᠶᠢᠨ ᠪᠡᠶ᠎ᠡ ᠲᠠᠮᠢᠷ ᠤᠨ ᠵᠢᠭᠠᠨ ᠰᠤᠷᠭᠠᠯᠲᠠ ᠨᠢ ᠳᠡᠭᠡᠳᠦ ᠰᠤᠷᠭᠠᠭᠤᠯᠢ ᠶᠢᠨ ᠰᠤᠷᠭᠠᠨ ᠬᠦᠮᠦᠵᠢᠯ ᠦᠨ ᠴᠢᠬᠤᠯᠠ ᠪᠦᠷᠢᠯᠳᠦᠭᠦᠨ ᠪᠤᠯᠤᠭᠰᠠᠨ ᠤ ᠬᠤᠪᠢ ᠳᠤ᠂ ᠳᠡᠭᠡᠳᠦ ᠰᠤᠷᠭᠠᠭᠤᠯᠢ ᠶᠢᠨ ᠪᠡᠶ᠎ᠡ ᠲᠠᠮᠢᠷ ᠤᠨ ᠵᠢᠭᠠᠨ ᠰᠤᠷᠭᠠᠯᠲᠠ ᠶᠢ ᠦᠭᠡᠷᠡᠴᠢᠯᠡᠬᠦ ᠪᠡ ᠰᠢᠨᠡᠴᠢᠯᠡᠬᠦ ᠴᠢᠬᠤᠯᠠ ᠲᠠᠢ ᠪᠤᠯᠤᠭᠰᠠ ᠪᠠᠢ᠌ᠨ᠎ᠠ᠃ ᠳᠡᠭᠡᠳᠦ ᠰᠤᠷᠭᠠᠭᠤᠯᠢ ᠶᠢᠨ ᠪᠡᠶ᠎ᠡ ᠲᠠᠮᠢᠷ ᠤᠨ ᠪᠠᠭᠰᠢ ᠡᠷᠬᠡᠪᠰᠢ ᠪᠡᠶ᠎ᠡ ᠲᠠᠮᠢᠷ ᠤᠨ ᠵᠢᠭᠠᠨ ᠰᠤᠷᠭᠠᠬᠤ ᠬᠠᠷᠠᠯᠲᠠ ᠪᠠᠨ 《ᠪᠡᠶ᠎ᠡ ᠮᠠᠬᠠᠪᠤᠳ ᠢ ᠴᠢᠭᠢᠷᠠᠭᠵᠢᠭᠤᠯᠬᠤ ᠳᠤ ᠮᠡᠷᠭᠡᠵᠢᠯ ᠢᠶᠡᠷ ᠭᠤᠤᠯ ᠪᠤᠯᠭᠠᠬᠤ》᠋ ᠠᠴᠠ 《ᠡᠷᠡᠭᠦᠯ ᠴᠢᠭᠢᠷᠠᠭ ᠨᠢᠭᠡᠳᠦᠭᠡᠷ》ᠭᠡᠬᠦ ᠣᠨᠣᠯ ᠤᠨ ᠳᠠᠪᠰᠢᠯᠲᠠ ᠳᠤ ᠬᠦᠷᠬᠦ ᠶᠢ ᠣᠢ᠌ᠯᠠᠭᠠᠬᠤ ᠮᠦᠷᠲᠡᠭᠡᠨ ᠳᠡᠭᠡᠳᠦ ᠰᠤᠷᠭᠠᠭᠤᠯᠢ ᠶᠢᠨ ᠦᠪᠡᠷ ᠦᠨ ᠪᠡᠶ᠎ᠡ ᠶᠢᠨ ᠣᠨᠴᠠᠯᠢᠭ ᠪᠠ ᠰᠤᠷᠤᠭᠴᠢᠳ ᠤᠨ ᠬᠡᠪ ᠴᠢᠨᠠᠷ ᠤᠨ ᠬᠦᠭ᠍ᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠪᠡᠶ᠎ᠡ ᠲᠠᠮᠢᠷ ᠤᠨ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠦᠭᠡᠷᠡᠴᠢᠯᠡᠨ ᠰᠢᠨᠡᠴᠢᠯᠡᠵᠦ᠂ ᠴᠠᠭ ᠦᠶ᠎ᠡ ᠲᠡᠢ ᠬᠠᠮᠲᠤ ᠳᠤ ᠪᠠᠨ ᠤᠷᠤᠭᠰᠢᠯᠠᠵᠤ᠂ ᠪᠡᠶ᠎ᠡ ᠲᠠᠮᠢᠷ ᠤᠨ ᠵᠢᠭᠠᠨ ᠰᠤᠷᠭᠠᠬᠤ ᠦᠢᠯᠡᠳᠦᠯᠭᠡ ᠶᠢᠨ ᠲᠤᠷᠰᠢᠯᠭ᠎ᠠ ᠪᠠᠨ ᠲᠠᠰᠤᠷᠠᠯᠲᠠ ᠦᠭᠡᠢ ᠳ᠋ᠦᠩᠨᠡᠵᠦ᠂ ᠮᠠᠨ ᠤ ᠤᠯᠤᠰ ᠤᠨ ᠳᠡᠭᠡᠳᠦ ᠰᠤᠷᠭᠠᠭᠤᠯᠢ ᠶᠢᠨ ᠪᠡᠶ᠎ᠡ ᠲᠠᠮᠢᠷ ᠤᠨ ᠵᠢᠭᠠᠨ ᠰᠤᠷᠭᠠᠯᠲᠠ ᠶᠢ ᠤᠯᠠᠮ ᠰᠢᠨᠵᠢᠯᠡᠬᠦ ᠤᠬᠠᠭᠠᠨᠴᠢᠯᠠᠭᠰᠠᠨ ᠴᠢᠭᠯᠡᠯ ᠦᠭᠡᠳᠡ ᠬᠦᠭ᠍ᠵᠢᠬᠦ ᠶᠢ ᠲᠦᠯᠬᠢᠨ ᠠᠭᠢᠭᠤᠯᠤᠨ᠎ᠠ᠃ |
Original Literature |
View Original Paper
|
出自 |
内蒙古民族大学学报(自然科学)
2012年
第1期
|