Title |
ᠮᠣᠩᠭᠣᠯ ᠨᠠᠶᠢᠷᠠᠭᠤᠯᠤᠭᠴᠢᠳ ᠤᠨ ᠬᠠᠷᠢᠭᠤᠴᠠᠯᠭ᠎ᠠ ᠶᠢᠨ ᠲᠤᠬᠠᠢ ᠦᠭᠦᠯᠡᠬᠦ ᠨᠢ |
Creator |
ᠦᠯᠵᠡᠶᠢᠪᠦ᠋ᠷᠢᠨ |
Keyword |
ᠨᠠᠶᠢᠷᠠᠭᠤᠯᠤᠭᠴᠢᠳ ᠤᠨ ᠬᠠᠢᠭᠤᠴᠠᠯᠭᠠ; ᠮᠣᠩᠭᠣᠯ ᠬᠡᠯᠡᠨ ᠦ ᠨᠠᠶᠢᠷᠠᠭᠤᠯᠭ᠎ᠠ; ᠰᠠᠶᠢᠵᠢᠷᠠᠭᠤᠯᠬᠤ |
Abstract |
ᠤᠷᠴᠢᠮ ᠤᠨ ᠵᠢᠯ ᠡᠴᠡ ᠮᠣᠩᠭᠣᠯ ᠬᠡᠯᠡ ᠪᠡᠷ ᠨᠠᠶᠢᠷᠠᠭᠤᠯᠤᠭᠳᠠᠭᠰᠠᠨ ᠡᠯ᠎ᠡ ᠲᠦᠷᠦᠯ ᠦᠨ ᠪᠦᠲᠦᠭᠡᠯ ᠦᠳ ᠦᠨ ᠨᠠᠶᠢᠷᠠᠭᠤᠯᠭ᠎ᠠ ᠳᠤ ᠰᠡᠷᠭᠦᠬᠦ 《—᠋ ᠠ》᠋ ᠢ ᠰᠡᠷᠭᠦᠭᠡᠬᠦ ᠴᠢᠬᠤᠯᠠ ᠲᠠᠢ ᠦᠶ᠎ᠡ ᠳᠦ ᠰᠡᠷᠭᠦᠭᠡᠨ ᠪᠢᠴᠢᠬᠦ ᠦᠭᠡᠢ᠂ ᠲᠡᠶᠢᠨ ᠢᠯᠭᠠᠯ ᠢ ᠲᠤᠪᠴᠢᠯᠠᠵᠤ ᠪᠤᠯᠬᠤ ᠦᠭᠡᠢ ᠲᠤᠬᠢᠶᠠᠯᠳᠤᠯ ᠳᠤ ᠲᠤᠪᠴᠢᠯᠠᠭᠤᠨ ᠤᠳᠬ᠎ᠠ ᠶᠢ ᠨᠢ ᠪᠠᠯᠠᠷᠬᠠᠶᠢᠳᠤᠭᠤᠯᠬᠤ ᠪᠤᠶᠤ ᠭᠠᠵᠢᠭᠤᠳᠠᠭᠤᠯᠬᠤ᠂ ᠲᠡᠶᠢᠨ ᠢᠯᠭᠠᠯ ᠢ ᠪᠤᠷᠤᠭᠤ ᠬᠡᠷᠡᠭᠯᠡᠬᠦ᠂ ᠮᠣᠩᠭᠣᠯ ᠪᠢᠴᠢᠭ᠌ ᠢᠶᠡᠨ ᠬᠠᠷᠢ ᠬᠡᠯᠡᠨ ᠦ ᠵᠠᠭᠪᠤᠷ ᠢᠶᠠᠷ ᠰᠡᠳᠬᠢᠵᠦ ᠨᠠᠶᠢᠷᠠᠭᠤᠯᠬᠤ ᠁ ᠮᠡᠲᠦ ᠶᠢᠨ ᠦᠵᠡᠭᠳᠡᠯ ᠤᠯᠠᠰᠢᠷᠠᠭᠰᠠᠨ ᠠᠴᠠ ᠮᠣᠩᠭᠣᠯ ᠬᠡᠯᠡᠨ ᠦ ᠨᠠᠶᠢᠷᠠᠭᠤᠯᠭ᠎ᠠ ᠶᠡᠷᠦᠩᠬᠡᠢ ᠳᠡᠭᠡᠨ ᠮᠠᠭᠤᠳᠠᠬᠤ ᠬᠠᠨᠳᠤᠰᠢ ᠲᠠᠢ ᠪᠤᠯᠵᠤ ᠪᠠᠶᠢᠨ᠎ᠠ᠃ ᠡᠭᠦᠨ ᠳᠦ ᠮᠣᠩᠭᠣᠯ ᠬᠡᠯᠡ ᠶᠢ ᠵᠢᠭᠠᠬᠤ ᠴᠠᠭ ᠪᠠᠭᠠᠰᠬᠤ ᠶᠢ ᠳᠠᠭᠠᠯᠳᠤᠨ ᠮᠣᠩᠭᠣᠯ ᠬᠡᠯᠡᠨ ᠦ ᠵᠢᠭᠠᠨ ᠰᠤᠷᠭᠠᠬᠤ ᠶᠠᠰᠤ ᠴᠢᠨᠠᠷ ᠮᠠᠭᠤᠳᠠᠵᠤ ᠪᠠᠶᠢᠭ᠎ᠠ ᠠᠴᠠ ᠪᠤᠯᠤᠭᠰᠠᠨ ᠨᠢᠭᠡ ᠰᠢᠯᠲᠠᠭᠠᠨ ᠪᠠᠶᠢᠭ᠎ᠠ ᠪᠤᠯᠪᠠᠴᠤ ᠭᠤᠤᠯ ᠨᠢ ᠡᠯ᠎ᠡ ᠲᠦᠷᠦᠯ ᠦᠨ ᠨᠠᠶᠢᠷᠠᠭᠤᠯᠬᠤ ᠠᠵᠢᠯ ᠤᠨ ᠪᠠᠶᠢᠷᠢ ᠳᠡᠭᠡᠷ᠎ᠡ ᠪᠠᠶᠢᠭ᠎ᠠ ᠨᠠᠶᠢᠷᠠᠭᠤᠯᠤᠭᠴᠢᠳ ᠦᠪᠡᠷ ᠦᠨ ᠳᠠᠭᠠᠭᠠᠭᠰᠠᠨ ᠠᠵᠢᠯ ᠳᠠᠭᠠᠨ ᠬᠠᠷᠢᠭᠤᠴᠠᠯᠭ᠎ᠠ ᠦᠭᠡᠢ ᠬᠠᠨᠳᠤᠵᠤ ᠪᠠᠶᠢᠭ᠎ᠠ ᠠᠴᠠ ᠡᠶᠢᠮᠦᠷᠬᠦᠦ ᠠᠯᠳᠠᠰᠢ ᠡᠭᠦᠰᠴᠦ ᠪᠠᠶᠢᠬᠤ ᠰᠢᠭ᠃ ᠡᠶᠢᠮᠦ ᠡᠴᠡ ᠤᠳᠤᠬᠠᠨ ᠤ ᠮᠣᠩᠭᠣᠯ ᠬᠡᠯᠡᠨ ᠦ ᠰᠠᠮᠠᠭᠤᠷᠠᠯ ᠢ ᠵᠦᠭᠰᠢᠷᠡᠭᠦᠯᠬᠦ ᠳᠦ ᠨᠠᠮ ᠵᠠᠰᠠᠭ ᠤᠨ ᠲᠦᠷᠦ ᠶᠢᠨ ᠪᠤᠳᠤᠯᠭ᠎ᠠ ᠳᠤ ᠲᠤᠯᠳᠤᠶᠢᠳᠬᠤ ᠠᠴᠠ ᠭᠠᠳᠠᠨ᠎ᠠ᠂ ᠮᠣᠩᠭᠣᠯ ᠬᠡᠯᠡᠨ ᠦ ᠵᠢᠭᠠᠨ ᠰᠤᠷᠭᠠᠬᠤ ᠶᠠᠰᠤ ᠴᠢᠨᠠᠷ ᠢ ᠳᠡᠭᠡᠭ᠍ᠢᠯᠡᠭᠦᠯᠵᠦ᠂ ᠮᠡᠷᠭᠡᠵᠢᠯ ᠦᠨ ᠬᠤᠪᠢ ᠳᠤ ᠡᠯ᠎ᠡ ᠲᠦᠷᠦᠯ ᠦᠨ ᠨᠠᠶᠢᠷᠠᠭᠤᠯᠬᠤ ᠠᠵᠢᠯ ᠤᠨ ᠪᠠᠶᠢᠷᠢ ᠳᠡᠭᠡᠷ᠎ᠡ ᠪᠠᠶᠢᠭ᠎ᠠ ᠨᠠᠶᠢᠷᠠᠭᠤᠯᠤᠭᠴᠢᠳ ᠤᠨ ᠤᠤᠷ ᠴᠢᠨᠰᠠᠭ᠎ᠠ ᠶᠢ ᠳᠡᠭᠡᠭ᠍ᠰᠢᠯᠡᠭᠦᠯᠬᠦ ᠶᠢᠨ ᠬᠠᠮᠲᠤ ᠲᠡᠳᠡᠨᠦᠰ ᠦᠨ ᠠᠵᠢᠯ ᠤᠨ ᠬᠢᠨᠢ ᠴᠢᠬᠤᠯᠠ ᠴᠢᠨᠠᠷ ᠢ ᠨᠢ ᠲᠠᠨᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠨᠢ ᠰᠠᠶᠢᠵᠢᠷᠠᠭᠤᠯᠬᠤ ᠬᠡᠷᠡᠭᠲᠡᠢ᠃ |
Original Literature |
View Original Paper
|
出自 |
内蒙古师范大学学报
2005年
第4期
|