Paper Information


Title ᠮᠣᠩᠭᠤᠯ ᠬᠠᠭᠠᠨᠲᠤ ᠤᠯᠤᠰ ᠤᠨ ᠦᠷᠭᠡᠳᠭᠡᠯ ᠵᠢᠴᠢ ᠲᠡᠭᠦᠨ ᠦ ᠮᠦᠰᠯᠢᠮ ᠦᠨ ᠶᠢᠷᠲᠢᠨᠴᠦ ᠳᠦ ᠦᠵᠡᠭᠦᠯᠦᠭᠰᠡᠨ ᠨᠦᠯᠦᠭᠡ ᠶᠢᠨ ᠲᠤᠬᠠᠢ ᠮᠦᠴᠢᠳ ᠦᠭᠦᠯᠡᠬᠦ ᠨᠢ
Creator ᠨᠠᠨᠳᠢᠨ
Keyword ᠮᠣᠩᠭᠤᠯ ᠬᠠᠭᠠᠨᠲᠤ ᠤᠯᠤᠰ; ᠢᠰᠯᠠᠮ ᠱᠠᠰᠢᠨ; ᠨᠦᠯᠦᠭᠡ
Abstract ᠠᠷᠪᠠᠨ ᠭᠤᠷᠪᠠᠳᠤᠭᠠᠷ ᠵᠠᠭᠤᠨ ᠤ ᠮᠠᠨᠳᠤᠭᠰᠠᠨ ᠮᠣᠩᠭᠤᠯ ᠤᠨ ᠦᠷᠭᠡᠳᠭᠡᠯ ᠨᠢ ᠬᠢᠲᠠᠳ ᠣᠷᠤᠨ ᠲᠡᠳᠦᠢ ᠦᠭᠡᠢ᠂ ᠠᠽᠢᠶ᠎ᠠ ᠲᠢᠪ᠂ ᠴᠢᠨᠠᠭᠰᠢᠯᠠᠪᠠᠯ ᠪᠦᠬᠦ ᠳᠡᠯᠡᠬᠡᠢ ᠶᠢᠨ ᠰᠤᠶᠤᠯ ᠳᠤ ᠴᠢᠬᠤᠯᠠ ᠨᠦᠯᠦᠭᠡ ᠦᠵᠡᠭᠦᠯᠦᠭᠰᠡᠨ ᠪᠢᠯᠡ᠃ ᠡᠭᠦᠨ ᠳᠦ ᠤᠯᠤᠰ ᠲᠦᠷᠦ ᠶᠢᠨ ᠪᠠᠢᠭᠤᠯᠤᠮᠵᠢ᠂ ᠠᠵᠤ ᠠᠬᠤᠢ ᠶᠢᠨ ᠪᠦᠲᠦᠴᠡ᠂ ᠱᠠᠰᠢᠨ ᠰᠤᠷᠲᠠᠬᠤᠨ᠂ ᠤᠶᠤᠨ ᠤ ᠪᠠᠢᠭᠤᠯᠤᠯᠲᠠ ᠁ ᠵᠡᠷᠭᠡ ᠪᠤᠢ᠃ ᠲᠡᠭᠡᠪᠡᠯ ᠴᠢᠩᠭᠢᠰ ᠬᠠᠭᠠᠨ᠂ ᠶᠡᠬᠡ ᠶᠤᠸᠠᠨ ᠭᠦᠷᠦᠨ ᠵᠢᠴᠢ ᠲᠡᠭᠦᠨ ᠡᠴᠡ ᠬᠤᠢᠰᠢᠬᠢ ᠮᠣᠩᠭᠤᠯ ᠤᠨ ᠳᠦᠷᠪᠡᠨ ᠶᠡᠬᠡ ᠬᠠᠭᠠᠨᠲᠤ ᠤᠯᠤᠰ ᠨᠢ ᠳᠤᠮᠳᠠᠳᠤ ᠠᠽᠢᠶ᠎ᠠ᠂ ᠡᠨᠡᠳᠬᠡᠭ ᠵᠡᠷᠭᠡ ᠭᠠᠵᠠᠷ ᠣᠷᠤᠨ ᠤ ᠱᠠᠰᠢᠨ ᠰᠤᠷᠲᠠᠬᠤᠨ ᠳᠤ᠂ ᠪᠤᠳᠠᠲᠠᠢ ᠪᠠᠷ ᠬᠡᠯᠡᠪᠡᠯ ᠮᠦᠰᠯᠢᠮ ᠦᠨ ᠶᠢᠷᠲᠢᠨᠴᠦ ᠪᠤᠶᠤ ᠢᠰᠯᠠᠮ ᠱᠠᠰᠢᠨ ᠤ ᠳᠡᠯᠭᠡᠷᠡᠭᠦᠯᠦᠯᠲᠡ ᠪᠡ ᠬᠦᠭᠵᠢᠯᠲᠡ ᠳᠦ ᠶᠠᠮᠠᠷ ᠨᠦᠯᠦᠭᠡ ᠠᠪᠴᠢᠷᠠᠭᠰᠠᠨ ᠲᠤᠬᠠᠢ ᠲᠤᠰ ᠦᠭᠦᠯᠡᠯ ᠳᠦ ᠮᠦᠴᠢᠳ ᠦᠭᠦᠯᠡᠵᠦ᠂ ᠬᠤᠵᠢᠮ ᠦᠨ ᠳᠤᠮᠳᠠᠳᠤ ᠠᠽᠢᠶ᠎ᠠ ᠣᠷᠤᠨ ᠤ ᠲᠦᠯᠦᠪᠰᠢᠷᠡᠯ ᠳᠦ ᠶᠠᠮᠠᠷᠬᠠᠨ ᠨᠦᠯᠦᠭᠡ ᠠᠪᠴᠢᠷᠠᠭᠰᠠᠨ ᠲᠤᠬᠠᠢ ᠳᠦᠭᠦᠮ ᠰᠢᠨᠵᠢᠯᠡᠯᠲᠡ ᠬᠢᠬᠦ ᠪᠤᠯᠤᠨ᠎ᠠ᠃
Original Literature No Original Paper
出自 赤峰学院学报(蒙文哲学社会科学版) 2016年 第1期

联系我们


内蒙古大学图书馆
呼和浩特市大学西路235号
中国·内蒙古
P: (0471) 4992561
E: huangfeilong@imu.edu.cn