Paper Information


Title ᠪᠠᠢ᠌ᠢᠭᠤᠯᠤᠮᠵᠢ ᠶᠢᠨ ᠦᠭᠡᠷᠡᠴᠢᠯᠡᠯᠲᠡ ᠶᠢ ᠭᠦᠨᠵᠡᠭᠡᠢ᠌ᠢᠷᠡᠭᠦᠯᠬᠦ ᠬᠥᠮᠥᠰ ᠤᠨ ᠢᠳᠡᠭᠡᠯ ᠨᠡᠢ᠌ᠳᠡᠪᠦᠷᠢ ᠶᠢ ᠴᠢᠩᠭ᠋ᠠᠳᠬᠠᠬᠤ ᠲᠤᠬᠠᠢ
Creator ᠰᠢᠦᠸᠡᠢ ᠶᠠᠨ
Keyword ᠪᠠᠢ᠌ᠢᠭᠤᠯᠤᠮᠵᠢ ᠶᠢᠨ ᠦᠭᠡᠷᠡᠴᠢᠯᠡᠯᠲᠡ ; ᠢᠳᠡᠭᠡᠯ ᠨᠡᠢ᠌ᠳᠡᠪᠦᠷᠢ ;ᠦᠮᠴᠢᠯᠡᠬᠦ ᠡᠷᠭᠡ; ᠵᠠᠰᠠᠭ ᠤᠨ ᠤᠷᠳᠤᠨ; ᠶᠤᠰᠤ ᠰᠤᠷᠳᠠᠬᠤᠨ
Abstract ᠤᠷᠴᠢᠮ ᠤᠨ ᠵᠢᠯ ᠡᠴᠡ ᠮᠠᠨ ᠦ ᠤᠯᠤᠰ ᠤᠨ ᠨᠡᠢ᠌ᠭᠡᠮ ᠤᠨ ᠡᠯ ᠠ ᠬᠦᠷᠢᠶ ᠡ ᠬᠡᠪᠴᠢᠶᠡᠨ ᠳᠤ ᠬᠤᠳᠠᠯ ᠬᠠᠭᠤᠷᠮᠠᠭ᠂ ᠢᠳᠡᠭᠡᠮᠵᠢ ᠦᠬᠡᠢ ᠰᠢᠳᠤᠷᠭᠤ ᠪᠤᠰᠤ ᠦᠵᠡᠭᠳᠡᠯ ᠪᠤᠢ ᠪᠤᠯᠵᠤ᠂ ᠨᠡᠢ᠌ᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠷᠡᠭᠦᠯ ᠶᠢᠨᠷ ᠬᠦᠭ᠍ᠵᠢᠬᠦ ᠶᠢ ᠰᠦᠷᠭᠡᠢ ᠨᠦᠯᠦᠭᠡᠯᠡᠵᠦ᠂ᠴᠢᠨᠡᠭᠡᠯᠢᠭ᠌ ᠨᠡᠢ᠌ᠭᠡᠮ ᠢ ᠪᠠᠢ᠌ᠭᠤᠯᠬᠤ ᠳᠤ ᠬᠠᠷᠰᠢ ᠰᠠᠭᠠᠳ ᠪᠤᠯᠤᠭᠰᠠᠨ ᠪᠠᠢ᠌ᠨ᠎ᠠ᠃ ᠢᠳᠡᠭᠡᠯ ᠨᠡᠢ᠌ᠳᠡᠪᠦᠷᠢ ᠶᠢ ᠴᠢᠩᠭ᠋ᠠᠳᠬᠠᠬᠤ ᠦᠨᠳᠦᠰᠦᠨ ᠠᠷᠭ᠎ᠠ ᠵᠠᠮ ᠪᠤᠯ ᠠᠵᠤ ᠠᠬᠤᠢ ᠶᠢᠨ ᠪᠠᠢ᠌ᠭᠤᠯᠤᠮᠵᠢ ᠶᠢᠨ ᠦᠭᠡᠷᠡᠴᠢᠯᠡᠯᠲᠡ ᠶᠢ ᠭᠦᠨᠵᠡᠭᠡᠢ᠌ᠷᠡᠭᠦᠯᠵᠤ᠂ ᠬᠤᠪᠢ ᠶᠢᠨ ᠦᠮᠴᠢᠯᠡᠯᠲᠦ ᠡᠳ᠋ ᠬᠦᠷᠦᠩᠭᠡ ᠶᠢᠨ ᠬᠠᠮᠠᠭᠠᠯᠠᠯᠲᠠ ᠶᠢ ᠴᠢᠩᠭ᠋ᠠᠳᠬᠠᠨ᠂ ᠠᠵᠤ ᠠᠬᠤᠢ᠌ᠯᠠᠯ ᠤᠨ ᠲᠦᠷᠢᠮ ᠤᠨ ᠰᠢᠨᠡᠴᠢᠯᠡᠯᠲᠡ ᠶᠢ ᠲᠦᠯᠬᠢᠨ ᠠᠬᠢᠭᠤᠯᠵᠤ᠂ ᠨᠡᠢ᠌ᠭᠡᠮ ᠤᠨ ᠢᠳᠡᠭᠡᠯ ᠨᠠᠢ᠌ᠳᠠᠪᠤᠷᠢ ᠶᠢᠨ ᠰᠢᠰᠲ᠋ᠸᠮ ᠢ ᠳᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠲᠦᠷᠢᠮᠵᠢᠭᠦᠯᠬᠦ᠂ ᠤᠯᠤᠰ ᠲᠦᠷᠦ ᠶᠢᠨ ᠪᠠᠢ᠌ᠭᠤᠯᠤᠮᠵᠢ ᠶᠢᠨ ᠦᠭᠡᠷᠡᠴᠢᠯᠡᠯᠲᠡ  ᠶᠢ ᠭᠦᠨᠵᠡᠭᠡᠢ᠌ᠷᠡᠭᠦᠯᠵᠦ᠂ ᠵᠠᠰᠠᠭ ᠤᠨ ᠤᠷᠳᠤᠨ ᠦ ᠬᠠᠷᠢᠭᠤᠴᠠᠯᠭᠠᠲᠤ ᠤᠬᠠᠮᠰᠠᠷ ᠢ ᠳᠡᠭᠡᠭ᠍ᠰᠢᠯᠡᠭᠦᠯᠦᠨ᠂ ᠵᠠᠰᠠᠭ ᠤᠨ ᠤᠷᠳᠤᠨ ᠦ ᠡᠭᠦᠷᠭᠡ ᠴᠢᠳᠠᠯ ᠢ ᠦᠭᠡᠷᠡᠴᠢᠯᠡᠨ᠂ᠢᠳᠡᠭᠡᠯ ᠨᠡᠢ᠌ᠳᠡᠪᠦᠷᠢ ᠶᠢᠨ ᠲᠤᠭᠳᠠᠴᠠ ᠶᠢ ᠳᠡᠭᠦᠯᠳᠡᠷᠵᠢᠭᠦᠯᠬᠦ᠂ ᠬᠠᠷᠢᠭᠤᠴᠠᠯᠭ᠎ᠠ ᠲᠠᠢ᠂ᠢᠳᠡᠭᠡᠯᠲᠠᠢ ᠂ᠦᠢᠯᠡᠴᠢᠯᠡᠭᠡᠨ ᠦ ᠬᠡᠯᠪᠡᠷᠢ ᠶᠢᠨ ᠵᠠᠰᠠᠭ ᠤᠨ ᠤᠷᠳᠤᠨ ᠢ ᠪᠠᠢ᠌ᠭᠤᠯᠵᠤ᠂ᠰᠤᠶᠤᠯ ᠤᠨ ᠪᠠᠢ᠌ᠭᠤᠯᠤᠮᠵᠢ ᠶᠢᠨ ᠦᠭᠡᠷᠡᠴᠢᠯᠡᠯᠲᠡ ᠶᠢ ᠬᠦᠨᠵᠡᠬᠡᠢ᠌ᠷᠡᠭᠦᠯᠵᠦ᠂ ᠠᠷᠠᠳ ᠨᠡᠢ᠌ᠳᠡ ᠶᠢᠨ ᠢᠳᠡᠭᠡᠯ ᠨᠡᠢ᠌ᠳᠡᠪᠦᠷᠢ ᠲᠠᠢ ᠪᠠᠢ᠌ᠬᠤ ᠶᠤᠰᠤ ᠰᠤᠷᠳᠠᠬᠤᠨ ᠢ ᠬᠦᠮᠦᠵᠢᠭᠦᠯᠬᠦ ᠳᠤ ᠠᠰᠢᠭᠳᠠᠢ ᠲᠤᠭᠳᠠᠴᠠ ᠶᠢ ᠪᠠᠢ᠌ᠭᠤᠯᠬᠤ ᠶᠠᠪᠤᠳᠠᠯ ᠪᠤᠯᠤᠨ᠎ᠠ ᠃
Original Literature View Original Paper
出自 内蒙古社会科学(蒙文版) 2007年 第3期

联系我们


内蒙古大学图书馆
呼和浩特市大学西路235号
中国·内蒙古
P: (0471) 4992561
E: huangfeilong@imu.edu.cn