Paper Information


Title ᠥᠪᠥᠷ ᠮᠣᠩᠭᠣᠯ ᠤᠨ ᠰᠢᠨ᠎ᠠ ᠮᠠᠯᠵᠢᠬᠤ ᠤᠷᠤᠨ ᠢ ᠪᠠᠢ᠌ᠭᠤᠯᠬᠤ ᠳᠤ ᠤᠷᠤᠰᠢᠵᠤ ᠪᠠᠢ᠌ᠭ᠎ᠠ ᠭᠤᠤᠯ ᠠᠰᠠᠭᠤᠳᠠᠯ ᠪᠠ ᠰᠢ᠌ᠳᠪᠦᠷᠢᠯᠡᠬᠦ ᠠᠷᠭ᠎ᠠ
Creator ᠬᠦᠭ᠍ᠵᠢᠯᠲᠤ ; ᠪᠤᠤ ᠠᠢ ᠳ᠋ᠢ
Keyword ᠥᠪᠥᠷ ᠮᠣᠩᠭᠣᠯ ; ᠨᠡᠢ᠌ᠭᠡᠮ ᠵᠢᠷᠤᠮᠲᠤ ᠰᠢᠨ᠎ᠠ ᠬᠦᠳᠡᠭᠡ ᠲᠤᠰᠬᠤᠨ; ᠰᠢᠨ᠎ᠠ ᠮᠠᠯᠵᠢᠬᠤ ᠤᠷᠤᠨ; ᠠᠮᠢ ᠠᠬᠤᠢ ᠶᠢᠨ ᠤᠷᠴᠢᠨ ᠲᠤᠭᠤᠷᠢᠨ
Abstract 2006ᠤᠨ ᠪᠤᠯ 《ᠠᠷᠪᠠᠨ ᠨᠢᠭᠡᠳᠦᠭᠡᠷ ᠲᠠᠪᠤᠨ ᠵᠢᠯ》 ᠤᠨ ᠲᠦᠯᠦᠪᠯᠡᠭᠡᠨ ᠦ ᠠᠩᠬᠠᠳᠤᠭᠠᠷ ᠵᠢᠯ ᠪᠤᠯᠤᠨ᠎ᠠ᠃ ᠨᠡᠢ᠌ᠭᠡᠮ ᠵᠢᠷᠤᠮᠲᠤ ᠰᠢᠨ᠎ᠠ ᠬᠦᠳᠡᠭᠡ ᠲᠤᠰᠬᠤᠨ ᠢ ᠪᠦᠳᠦᠭᠡᠨ ᠪᠠᠢ᠌ᠭᠤᠯᠬᠤ ᠪᠤᠯ 《ᠠᠷᠪᠠᠨ ᠨᠢᠭᠡᠳᠦᠭᠡᠷ ᠲᠠᠪᠤᠨ ᠵᠢᠯ》 ᠤᠨ ᠲᠦᠯᠦᠪᠯᠡᠭᠡᠨ ᠦ ᠴᠢᠬᠤᠯᠠ ᠨᠢᠭᠡᠨ ᠡᠭᠦᠷᠭᠡ ᠮᠦᠨ ᠃ ᠲᠡᠭᠦᠨ ᠦ ᠭᠤᠤᠯ ᠬᠠᠷᠠᠯᠲᠠ ᠪᠤᠯ ᠲᠠᠷᠤᠢ ᠠᠷᠠᠳ ᠲᠦᠮᠡᠨ ᠢ ᠪᠠᠶᠠᠨ ᠴᠢᠨᠡᠭᠡᠯᠢᠭ᠌ ᠠᠵᠤ ᠲᠦᠷᠦᠭᠦᠯᠬᠦ ᠶᠠᠪᠤᠳᠠᠯ ᠪᠤᠯᠤᠨ᠎ᠠ᠃ ᠡᠨᠡ ᠬᠦ ᠬᠠᠷᠠᠯᠲᠠ ᠶᠢ ᠪᠡᠶᠡᠯᠡᠭᠦᠯᠬᠦ ᠲᠤᠬᠠᠢ ᠮᠠᠰᠢ ᠲᠤᠳᠤᠷᠬᠠᠢ ᠱᠠᠭᠠᠷᠳᠠᠯᠭ᠎ᠠ ᠪᠠ ᠪᠠᠷᠢᠮᠵᠢᠶ ᠠ  ᠶᠢ ᠲᠤᠷᠠᠳᠤᠭᠰᠠᠨ ᠪᠠᠢ᠌ᠨ᠎ᠠ᠃ ᠭᠡᠳᠡᠯ ᠠ ᠥᠪᠥᠷ ᠮᠣᠩᠭᠣᠯ ᠤᠨ ᠮᠠᠯᠵᠢᠬᠤ ᠤᠷᠤᠨ ᠦ ᠪᠠᠢ᠌ᠭᠠᠯᠢ ᠪᠠ ᠬᠥᠮᠥᠨᠯᠢᠭ᠌ ᠭᠠᠵᠠᠷ ᠵᠦᠢ ᠶᠢᠨ ᠤᠷᠴᠢᠨ ᠲᠤᠭᠤᠷᠢᠨ ᠨᠢ ᠥᠪᠡᠷ ᠤᠨ ᠤᠨᠴᠠᠯᠢᠭᠲᠤ ᠤᠨᠴᠠᠭᠠᠢ ᠨᠦᠭᠦᠴᠡᠯ ᠪᠠᠢ᠌ᠬᠤ ᠡᠴᠡ ᠪᠤᠯᠵᠤ ᠂ ᠨᠡᠢ᠌ᠭᠡᠮ ᠵᠢᠷᠤᠮᠲᠤ ᠰᠢᠨ᠎ᠠ ᠬᠦᠳᠡᠭᠡ ᠲᠤᠰᠬᠤᠨ ᠢ ᠪᠦᠳᠦᠭᠡᠨ ᠪᠠᠢ᠌ᠭᠤᠯᠬᠤ ᠪᠠᠷᠢᠮᠵᠢᠶ ᠠ  ᠶᠢ ᠳᠤᠤᠱᠯᠠᠭᠤᠯᠬᠤ  ᠳᠤ ᠮᠠᠰᠢ ᠤᠯᠠᠨ ᠠᠰᠠᠭᠤᠳᠠᠯ ᠲᠤᠯᠭᠠᠷᠠᠵᠤ ᠪᠠᠢ᠌ᠨ᠎ᠠ᠃ ᠦᠭᠡᠷ ᠡ ᠪᠡᠷ ᠬᠡᠯᠡᠪᠡᠯ  ᠨᠡᠢ᠌ᠭᠡᠮ ᠵᠢᠷᠤᠮᠲᠤ ᠰᠢᠨ᠎ᠠ ᠬᠦᠳᠡᠭᠡ ᠲᠤᠰᠬᠤᠨ ᠢ ᠪᠦᠳᠦᠭᠡᠨ ᠪᠠᠢ᠌ᠭᠤᠯᠬᠤ ᠱᠠᠭᠠᠷᠳᠠᠯᠭ᠎ᠠ ᠨᠢ ᠥᠪᠥᠷ ᠮᠣᠩᠭᠣᠯ ᠤᠨ ᠮᠠᠯᠵᠢᠬᠤ ᠤᠷᠤᠨ ᠳᠤ ᠲᠤᠬᠢᠷᠠᠬᠤ ᠦᠭᠡᠢ ᠵᠦᠢᠯ ᠤᠷᠤᠰᠢᠵᠤ ᠪᠠᠢ᠌ᠨ᠎ᠠ᠃ ᠡᠢ᠌ᠮᠦ ᠡᠴᠡ ᠰᠢᠨ᠎ᠠ ᠮᠠᠯᠵᠢᠬᠤ ᠤᠷᠤᠨ ᠶᠢ ᠪᠦᠳᠦᠭᠡᠨ ᠪᠠᠢ᠌ᠭᠤᠯᠬᠤ ᠳᠤ ᠬᠠᠮᠤᠭ ᠤᠨ ᠲᠡᠷᠢᠭᠦᠨ ᠳᠤ ᠥᠪᠥᠷ ᠮᠣᠩᠭᠣᠯ ᠤᠨ ᠮᠠᠯᠵᠢᠬᠤ ᠤᠷᠤᠨ ᠳᠤ ᠲᠤᠬᠢᠷᠠᠭᠰᠠᠠᠨ ᠰᠢᠨ᠎ᠠ ᠬᠦᠳᠡᠭᠡ ᠲᠤᠰᠬᠤᠨ ᠶᠢ ᠪᠦᠳᠦᠭᠡᠨ ᠪᠠᠢ᠌ᠭᠤᠯᠬᠤ ᠲᠦᠯᠦᠪᠯᠡᠭᠡᠨ ᠳᠤ ᠮᠠᠯᠴᠢᠳ ᠤᠨ ᠤᠷᠤᠰᠢᠨ ᠲᠤᠭᠳᠠᠨᠢᠬᠤ ᠠᠮᠢ ᠠᠬᠤᠢ ᠶᠢᠨ ᠤᠷᠴᠢᠨ ᠲᠤᠭᠤᠷᠢᠨ ᠢ ᠰᠠᠢ᠌ᠵᠢᠷᠠᠭᠤᠯᠬᠤ ᠶᠠᠪᠤᠳᠠᠯ ᠢ ᠲᠡᠷᠢᠭᠦᠨ ᠴᠢᠬᠤᠯᠠ ᠡᠭᠦᠷᠭᠡ ᠪᠠᠷ ᠲᠤᠷᠠᠳᠬᠤ ᠴᠢᠬᠤᠯᠠ ᠲᠠᠢ ᠃ ᠳᠤᠰ ᠥᠭᠥᠯᠡᠯ ᠳᠤ ᠮᠠᠯᠵᠢᠬᠤ ᠤᠷᠤᠨ ᠦ ᠠᠮᠢ ᠠᠬᠤᠢ ᠶᠢᠨ ᠤᠷᠴᠢᠨ ᠲᠤᠭᠤᠷᠢᠨ ᠢ ᠰᠠᠢ᠌ᠵᠢᠷᠠᠭᠤᠯᠬᠤ ᠬᠠᠮᠤᠭ ᠤᠨ ᠪᠦᠳᠦᠮᠵᠢᠲᠠᠢ ᠠᠷᠭ᠎ᠠ ᠪᠠᠷᠢᠯ ᠪᠤᠯ ᠬᠥᠮᠥᠨ  ᠢ ᠰᠢᠯᠵᠢᠭᠦᠯᠵᠦ ᠂ ᠪᠡᠯᠴᠢᠭᠡᠷ ᠢ ᠰᠡᠷᠭᠦᠬᠡᠬᠦ ᠠᠷᠭ᠎ᠠ ᠪᠤᠯᠤᠨ᠎ᠠ ᠭᠡᠰᠡᠨ  ᠢ ᠥᠭᠥᠯᠡᠭᠰᠡᠨ ᠪᠠᠢ᠌ᠨ᠎ᠠ᠃
Original Literature View Original Paper
出自 内蒙古师范大学学报(自然科学蒙古文版) 2006年 第4期

联系我们


内蒙古大学图书馆
呼和浩特市大学西路235号
中国·内蒙古
P: (0471) 4992561
E: huangfeilong@imu.edu.cn