Paper Information


Title ᠦᠨᠳᠦᠰᠦᠲᠡᠨ ᠦ ᠤᠷᠠᠨ ᠵᠤᠬᠢᠶᠠᠯ ᠤᠨ ᠬᠦᠷᠢᠶ᠎ᠡ ᠴᠠᠷ᠎ᠠ ᠶᠢᠨ ᠲᠤᠬᠠᠢ
Creator ᠴ‍ · ᠵᠢᠷᠭᠠᠯ
Keyword
Abstract ᠲᠤᠰ ᠦᠭᠦᠯᠡᠯ ᠳᠦ ᠂ ᠵᠤᠬᠢᠶᠠᠭᠴᠢ ᠦᠨᠳᠦᠰᠦᠲᠡᠨ ᠦ ᠤᠷᠠᠨ ᠵᠤᠬᠢᠶᠠᠯ ᠤᠨ ᠬᠦᠷᠢᠶ᠎ᠡ ᠴᠠᠷ᠎ᠠ ᠶᠢᠨ ᠲᠤᠬᠠᠢ ᠦᠷᠭᠡᠨ ᠮᠠᠷᠭᠤᠭᠠᠨ ᠲᠠᠢ ᠠᠰᠠᠭᠤᠳᠠᠯ ᠳᠤ ᠴᠢᠭᠯᠡᠭᠦᠯᠵᠦ ᠤᠳᠬ᠎ᠠ ᠵᠤᠬᠢᠶᠠᠯ ᠤᠨ ᠤᠬᠠᠭᠠᠨ ᠪᠤᠯᠤᠨ ᠦᠨᠳᠦᠰᠦᠲᠡᠨ ᠦ ᠤᠬᠠᠭᠠᠨ ᠤ ᠡᠭᠦᠳᠡᠨ ᠡᠴᠡ ᠠᠰᠠᠭᠤᠳᠠᠯ ᠢ ᠰᠤᠳᠤᠯᠵᠤ᠂ ᠡᠩ ᠦᠨ ᠪᠠᠢ᠌ᠳᠠᠯ ᠳᠠᠬᠢ ᠲᠦᠭᠡᠮᠡᠯ ᠵᠠᠷᠴᠢᠮ ᠪᠠ ᠣᠨᠴᠤᠭᠤᠢ ᠪᠠᠢ᠌ᠳᠠᠯ ᠳᠠᠬᠢ ᠪᠤᠳᠠᠲᠠᠢ ᠵᠠᠷᠴᠢᠮ ᠢ ᠳᠤᠷᠠᠳᠤᠭᠰᠠᠨ ᠪᠠᠢ᠌ᠨ᠎ᠠ᠃ ᠲᠦᠭᠡᠮᠡᠯ ᠵᠠᠷᠴᠢᠮ ᠭᠡᠪᠡᠯ᠂ ᠦᠨᠳᠦᠰᠦᠲᠡᠨ ᠦ ᠵᠤᠬᠢᠶᠠᠯᠴᠢ ᠶᠢᠨ ᠦᠨᠳᠦᠰᠦᠲᠡᠨ ᠦ ᠪᠡᠨ ᠬᠡᠯᠡ ᠪᠡᠷ ᠦᠨᠳᠦᠰᠦᠲᠡᠨ ᠦ ᠪᠡᠨ ᠠᠮᠢᠳᠤᠷᠠᠯ ᠢ ᠳᠤᠰᠬᠠᠭᠰᠠᠨ ᠤᠷᠠᠨ ᠵᠤᠬᠢᠶᠠᠯ ᠢ ᠦᠨᠳᠦᠰᠦᠲᠡᠨ ᠦ ᠤᠷᠠᠨ ᠵᠤᠬᠢᠶᠠᠯ ᠭᠡᠨ᠎ᠡ᠃ ᠪᠤᠳᠠᠲᠠᠢ ᠵᠠᠷᠴᠢᠮ ᠭᠡᠪᠡᠯ᠂ ᠪᠤᠰᠤᠳ ᠦᠨᠳᠦᠰᠦᠲᠡᠨ ᠦ ᠬᠡᠯᠡ ᠪᠡᠷ ᠪᠤᠰᠤᠳ ᠦᠨᠳᠦᠰᠦᠲᠡᠨ ᠦ ᠠᠮᠢᠳᠤᠷᠠᠯ ᠢ ᠪᠢᠴᠢᠭᠰᠡᠨ ᠤᠷᠠᠨ ᠵᠤᠬᠢᠶᠠᠯ ᠤᠨ ᠦᠨᠳᠦᠰᠦᠲᠡᠨ ᠦ ᠬᠦᠷᠢᠶ᠎ᠡ ᠴᠠᠷ᠎ᠠ ᠶᠢ ᠲᠤᠭᠲᠠᠭᠠᠬᠤ ᠳᠤ ᠵᠤᠬᠢᠶᠠᠯᠴᠢ᠂ ᠦᠨᠳᠦᠰᠦᠲᠡᠨ ᠦ ᠪᠡᠨ ᠰᠢᠨᠵᠢ ᠲᠡᠮᠳᠡᠭ ᠢ ᠪᠦᠷᠢᠮᠦᠰᠦᠨ ᠠᠯᠳᠠᠭᠰᠠᠨ ᠡᠰᠡᠭᠦ; ᠢᠯᠠᠩᠭ᠋ᠤᠶ᠎ᠠ ᠦᠨᠳᠦᠰᠦᠲᠡᠨ ᠦ ᠪᠡᠨ ᠬᠠᠮᠲᠤ ᠶᠢᠨ ᠰᠡᠳᠬᠢᠴᠡ ᠶᠢᠨ ᠬᠡᠪᠲᠦ ᠪᠠᠢ᠌ᠳᠠᠯ ᠤᠨ ᠬᠠᠷᠠᠴᠠ ᠪᠠᠷ ᠠᠮᠢᠳᠤᠷᠠᠯ ᠢ ᠠᠵᠢᠭᠯᠠᠵᠤ᠂ ᠠᠮᠢᠳᠤᠷᠠᠯ ᠢ ᠳᠤᠰᠬᠠᠭᠰᠠᠨ ᠡᠰᠡᠭᠦ; ᠵᠤᠬᠢᠶᠠᠯ ᠪᠦᠲᠦᠭᠡᠯ ᠨᠢ ᠦᠨᠳᠦᠰᠦᠲᠡᠨ ᠲᠦᠮᠡᠨ ᠳᠡᠭᠡᠨ ᠮᠡᠳᠡᠷᠡᠭᠳᠡᠵᠦ ᠪᠠᠢ᠌ᠬᠤ ᠡᠰᠡᠭᠦ ᠶᠢ ᠦᠵᠡᠨ᠎ᠡ᠃ ᠡᠭᠦᠨ ᠳᠦ ᠂ ᠲᠦᠭᠡᠮᠡᠯ ᠵᠠᠷᠴᠢᠮ ᠢ ᠯᠠ ᠴᠢᠬᠤᠯᠠᠴᠢᠯᠠᠭᠠᠳ ᠪᠤᠳᠠᠲᠠᠢ ᠵᠠᠷᠴᠢᠮ ᠢᠶᠠᠷ ᠲᠦᠭᠡᠮᠡᠯ ᠵᠠᠷᠴᠢᠮ ᠢ ᠣᠷᠤᠯᠠᠭᠤᠯᠵᠤ ᠴᠤ ᠪᠤᠯᠬᠤ ᠦᠭᠡᠢ ᠭᠡᠬᠦ ᠰᠠᠨᠠᠯ ᠢ ᠳᠡᠪᠰᠢᠭᠦᠯᠪᠡ᠃
Original Literature No Original Paper
出自 内蒙古大学学报 1993年 第3期

联系我们


内蒙古大学图书馆
呼和浩特市大学西路235号
中国·内蒙古
P: (0471) 4992561
E: huangfeilong@imu.edu.cn