Paper Information


Title ᠮᠣᠩᠭ᠋ᠤᠯ ᠦᠨᠳᠦᠰᠦᠲᠡᠨ ᠤ ᠰᠤᠨᠢᠨ ᠮᠡᠳᠡᠭᠡᠡᠯᠯ ᠤᠨ ᠰᠤᠷᠭᠠᠨ ᠬᠦᠮᠦᠵᠢᠯ ᠤᠨ ᠣᠳᠣᠬᠢ ᠪᠠᠢᠢᠳᠠᠯ ᠬᠢᠭᠡᠳ ᠣᠷᠤᠰᠢᠵᠤ ᠪᠠᠢᠢᠬ᠋ ᠠ ᠠᠰᠠᠭᠤᠳᠠᠯ ᠤᠨ ᠲᠣᠬᠠᠢ— ᠦᠪᠦᠷ ᠮᠣᠩᠭ᠋ᠤᠯ  ᠤᠨ ᠶᠡᠬᠡ ᠰᠤᠷᠭᠠᠭᠤᠯᠢ  ᠪᠡᠷ ᠵᠢᠱᠢᠶᠡᠯᠡᠬᠦ ᠨᠢ
Creator ᠦᠷᠡᠵᠢᠮᠢᠰ
Keyword ᠮᠣᠩᠭ᠋ᠤᠯ ᠦᠨᠳᠦᠰᠦᠲᠡᠨ ᠤ ᠰᠣᠨᠢᠨ ᠮᠡᠳᠡᠭᠡᠯᠡᠯ ᠤᠨ ᠰᠤᠷᠭᠠᠨ ᠬᠦᠮᠦᠵᠢᠯ; ᠣᠳᠣᠬᠢ ᠪᠠᠢᠢᠳᠠᠯ; ᠣᠷᠤᠰᠢᠵᠤ ᠪᠠᠢᠢᠭ᠋ ᠠ ᠠᠰᠠᠭᠤᠳᠠᠯ;ᠰᠣᠨᠢᠨ ᠮᠡᠳᠡᠭᠡ ᠬᠡᠪᠯᠡᠯ ᠤᠨ ᠤᠬᠠᠭᠠᠨ ᠤ ᠰᠠᠯᠪᠤᠷᠢ
Abstract ᠲᠤᠰ ᠦᠭᠦᠯᠡᠯ ᠭᠤᠤᠯᠳᠠᠭᠤ ᠦᠪᠦᠷ ᠮᠣᠩᠭ᠋ᠤᠯ ᠤᠨ ᠶᠡᠬᠡ ᠰᠤᠷᠭᠠᠭᠤᠯᠢ ᠶᠢᠨ ᠮᠣᠩᠭ᠋ᠤᠯ ᠰᠣᠳᠣᠯᠣᠯ ᠤᠨ ᠲᠡᠭᠡᠳᠦ ᠰᠤᠷᠭᠠᠭᠤᠯᠢ ᠶᠢᠨ ᠰᠣᠨᠢᠨ ᠮᠡᠳᠡᠭᠡ ᠬᠡᠪᠯᠡᠯ ᠤᠨ ᠤᠬᠠᠭᠠᠨ ᠤ ᠰᠠᠯᠪᠤᠷᠢ ᠶᠢᠨ ᠣᠳᠣᠬᠢ ᠪᠠᠢᠢᠳᠠᠯ ᠢᠢᠡᠷ ᠵᠢᠱᠢᠶ ᠡ ᠪᠣᠯᠭᠠᠵᠤ᠂ᠮᠣᠩᠭ᠋ᠤᠯ ᠰᠣᠨᠢᠨ ᠮᠡᠳᠡᠭᠡ ᠭᠡᠪᠯᠡᠯ ᠤᠨ ᠤᠬᠠᠭᠠᠨ ᠤ ᠰᠤᠷᠭᠠᠨ ᠬᠦᠮᠦᠵᠢᠯ ᠳᠤ ᠣᠷᠤᠰᠢᠵᠤ ᠪᠠᠢᠢᠬ᠋ ᠠ ᠴᠢᠬᠤᠯᠠ ᠠᠰᠠᠭᠤᠳᠠᠯ ᠢ ᠰᠢᠨᠵᠢᠯᠡᠬᠦ ᠶᠢᠨ ᠬᠠᠮᠳᠤ ᠬᠣᠵᠢᠮ ᠤᠨ ᠬᠦᠭ᠍ᠵᠢᠯᠲᠡ ᠳ᠋ᠤ ᠬᠡᠳᠦᠨ ᠰᠠᠨᠠᠯ ᠲᠤᠷᠠᠳᠪᠠ᠃ ᠣᠳᠣᠬᠢ ᠮᠣᠩᠭ᠋ᠤᠯ ᠦᠨᠳᠦᠰᠦᠲᠡᠨ ᠤ ᠰᠣᠨᠢᠨ ᠮᠡᠳᠡᠭᠡᠯᠡᠯ ᠤᠨ ᠰᠤᠷᠭᠠᠨ ᠬᠦᠮᠦᠵᠢᠯ ᠳᠤ ᠲᠤᠤᠷᠠᠬᠢ ᠭᠡᠳᠦᠨ ᠦᠨᠳᠦᠰᠦᠨ ᠠᠰᠠᠭᠤᠳᠠᠯ ᠣᠷᠤᠰᠢᠵᠤ ᠪᠠᠢᠢᠨ᠌ ᠠ᠃(1) ᠣᠶᠤᠲᠠᠳ ᠲᠤ ᠮᠡᠳᠡᠭᠡᠯᠡᠯ ᠤᠨ ᠤᠬᠠᠭᠠᠨ ᠤ ᠰᠣᠳᠤᠯᠭᠠᠨ ᠤ ᠠᠷᠭ᠋ ᠠ ᠲᠠᠢ ᠬᠠᠮᠢᠶ ᠠ ᠪᠦᠬᠦᠢ ᠬᠢᠴᠢᠶᠡᠯ ᠨᠡᠭᠡᠭᠡᠳᠦᠢ᠃(2) ᠬᠢᠴᠢᠶᠡᠯ ᠤᠨ ᠪᠢᠴᠢᠭ᠌ ᠢ ᠲᠡᠭᠦᠯᠳᠡᠷᠵᠢᠭᠦᠯᠬᠦ ᠬᠡᠷᠡᠭᠲᠡᠢ᠃(3)ᠣᠯᠠᠨ ᠵᠠᠭᠤᠴᠢᠯᠠᠭᠤᠷ ᠠᠭᠤᠰᠤᠯᠳᠤᠵᠤ ᠪᠠᠢᠢᠬ᠋ ᠠ ᠴᠠᠭ ᠦᠶ ᠡ ᠳᠤ᠂ ᠰᠣᠨᠢᠨ ᠮᠡᠳᠡᠭᠡᠯᠡᠯ ᠤᠨ ᠬᠢᠴᠢᠶᠡᠯ ᠬᠦᠮᠦᠵᠢᠯ ᠤᠨ ᠦᠵᠡᠯ ᠰᠠᠨᠠᠭ᠋ ᠠ ᠪᠠᠨ ᠬᠦᠢᠴᠡᠳ ᠦᠭᠡᠷᠡᠴᠢᠯᠡᠭᠡ ᠦᠭᠡᠢ᠃ ᠦᠭᠦᠯᠡᠯ ᠳᠤ ᠲᠡᠭᠡᠷᠡᠬᠢ ᠭᠤᠷᠪᠠᠨ ᠠᠰᠠᠭᠤᠳᠠᠯ ᠤᠨ ᠲᠣᠬᠠᠢ ᠲᠤᠭᠠᠴᠢᠨ ᠦᠭᠦᠯᠡᠬᠦ  ᠶᠢᠨ ᠬᠠᠮᠳᠤ᠂ ᠵᠢᠭᠠᠬᠤ ᠬᠢᠴᠢᠶᠡᠯ ᠢ ᠲᠬᠢᠨ ᠲᠤᠬᠢᠷᠠᠤᠯᠬᠤ᠂ ᠤᠷᠠᠨ ᠨᠤᠲᠤᠭ ᠤᠨ ᠣᠨᠴᠠᠯᠢᠭ ᠲᠠᠢ ᠮᠣᠩᠭ᠋ᠤᠯ ᠭᠡᠯᠡᠨ ᠤ ᠵᠢᠭᠠᠬᠤ ᠮᠠᠲ᠋ᠧᠷᠢᠶᠠᠯ ᠢ ᠨᠠᠢᠢᠷᠠᠭᠤᠯᠬᠤ᠂ ᠰᠤᠷᠤᠭᠴᠢᠳ ᠤᠨ ᠶᠡᠷᠦᠩᠬᠡᠢᠢᠯᠡᠭᠰᠡᠨ ᠤᠤᠷ ᠴᠢᠨᠠᠷ ᠢ ᠲᠡᠭᠡᠭ᠍ᠰᠢᠯᠡᠭᠦᠯᠬᠦ ᠪᠠ ᠮᠡᠷᠭᠡᠵᠢᠯ ᠠᠯᠤᠰᠯᠠᠬᠤ ᠬᠡᠮᠵᠢᠶ ᠡ ᠵᠢ ᠦᠷᠭᠡᠳᠭᠡᠬᠦ ᠵᠡᠷᠭᠡ ᠬᠡᠳᠦᠨ ᠲᠠᠯ ᠠ ᠶᠢᠨ ᠰᠠᠨᠠᠯ ᠲᠤᠷᠠᠳᠤᠭᠰᠠᠨ ᠪᠠᠢᠢᠨ᠌ ᠠ᠃
Original Literature View Original Paper
出自 内蒙古大学学报 2013年 第4期

联系我们


内蒙古大学图书馆
呼和浩特市大学西路235号
中国·内蒙古
P: (0471) 4992561
E: huangfeilong@imu.edu.cn