Paper Information


Title ᠮᠣᠩᠭᠤᠯ ᠬᠢᠲᠠᠳ ᠬᠤᠤᠰ ᠬᠡᠯᠡᠨ ᠦ ᠰᠤᠷᠤᠭᠴᠢᠳ ᠤᠨ ᠰᠡᠳᠬᠢᠯᠭᠡ ᠶᠢᠨ ᠵᠢᠠᠨ ᠰᠤᠷᠭᠠᠯᠲᠠ ᠶᠢᠨ ᠣᠨᠴᠠᠯᠢᠭ ᠵᠢᠴᠢ ᠠᠴᠢ ᠬᠤᠯᠪᠤᠭᠳᠠᠯ ᠤᠨ ᠲᠤᠬᠠᠢ ᠦᠭᠦᠯᠡᠬᠦ ᠨᠢ
Creator ᠡᠷᠳᠡᠮᠲᠦ
Keyword ᠮᠣᠩ᠋ᠭᠤᠯ ᠬᠢᠲᠠᠳ ᠬᠤᠤᠰ ᠬᠡᠯᠡᠨ ᠦ ᠰᠤᠷᠤᠭᠴᠢ; ᠰᠡᠳᠬᠢᠯᠭᠡ; ᠵᠢᠭᠠᠨ ᠰᠤᠷᠭᠠᠯᠲᠠ
Abstract ᠳᠡᠯᠡᠬᠡᠢ ᠶᠢᠨ ᠰᠤᠷᠭᠠᠨ ᠬᠦᠮᠦᠵᠢᠯ ᠦᠨ ᠦᠭᠡᠷᠡᠴᠢᠯᠡᠯᠲᠡ ᠪᠡ ᠬᠦᠭ᠍ᠵᠢᠯᠲᠡ ᠶᠢ ᠳᠠᠭᠠᠯᠳᠤᠨ ᠮᠣᠩ᠋ᠭᠤᠯ ᠢᠶᠠᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠨᠢ ᠴᠤ ᠦᠪᠡᠷ ᠦᠨ ᠠᠷᠭ᠎ᠠ ᠠᠪᠴᠠᠯ ᠳᠠᠭᠠᠨ ᠲᠠᠰᠤᠷᠠᠯᠲᠠ ᠦᠭᠡᠢ ᠰᠢᠨᠡᠴᠢᠯᠡᠯᠲᠡ ᠪᠡ ᠲᠤᠬᠢᠷᠠᠭᠤᠯᠤᠯᠲᠠ ᠬᠢᠭ᠍ᠰᠡᠨ ᠪᠠᠢ᠌ᠨ᠎ᠠ᠃ ᠮᠣᠩ᠋ᠭᠤᠯ ᠬᠢᠲᠠᠳ ᠬᠤᠤᠰ ᠬᠡᠯᠡᠨ ᠦ ᠰᠤᠷᠤᠭᠴᠢᠳ ᠤᠨ ᠰᠡᠳᠬᠢᠯᠭᠡ ᠶᠢᠨ ᠵᠢᠭᠠᠨ ᠰᠤᠷᠭᠠᠯᠲᠠ ᠨᠢ ᠡᠭᠦᠨ ᠦ ᠳᠤᠲᠤᠷᠠᠬᠢ ᠴᠢᠬᠤᠯᠠ ᠪᠦᠷᠢᠯᠳᠦᠭᠦᠨ ᠪᠤᠯᠤᠨ᠎ᠠ᠃ ᠵᠢᠭᠠᠨ ᠰᠤᠷᠭᠠᠯᠲᠠ ᠶᠢᠨ ᠦᠷ᠎ᠡ ᠠᠰᠢᠭ ᠢ ᠳᠡᠭᠡᠭ᠍ᠰᠢᠯᠡᠭᠦᠯᠬᠦ ᠴᠢᠬᠤᠯᠠ ᠠᠷᠭ᠎ᠠ ᠠᠪᠴᠠᠯ ᠪᠤᠯᠤᠭᠰᠠᠨ ᠮᠣᠩ᠋ᠭᠤᠯ ᠬᠢᠲᠠᠳ ᠬᠤᠤᠰ ᠬᠡᠯᠡᠨ ᠦ ᠰᠤᠷᠤᠭᠴᠢᠳ ᠤᠨ ᠰᠡᠳᠬᠢᠯᠭᠡ ᠶᠢᠨ ᠵᠢᠭᠠᠨ ᠰᠤᠷᠭᠠᠯᠲᠠ ᠨᠢ ᠦᠪᠡᠷ ᠦᠨ ᠢᠶᠡᠨ ᠲᠤᠭᠲᠠᠭᠰᠠᠨ ᠣᠨᠴᠠᠯᠢᠭ ᠲᠠᠢ ᠪᠠᠷ ᠪᠠᠷᠠᠬᠤ ᠦᠭᠡᠢ ᠮᠣᠩ᠋ᠭᠤᠯ ᠬᠢᠲᠠᠳ ᠬᠤᠤᠰ ᠬᠡᠯᠡᠨ ᠦ ᠰᠤᠷᠤᠭᠴᠢᠳ ᠤᠨ ᠲᠠᠨᠢᠨ ᠮᠡᠳᠡᠭᠦᠢ ᠶᠢᠨ ᠬᠦᠭ᠍ᠵᠢᠯᠲᠡ᠂ ᠨᠡᠢ᠌ᠭᠡᠮᠴᠢᠯᠡᠯᠲᠡ᠂ ᠡᠷᠡᠭᠦ ᠪᠦᠲᠦᠨ ᠵᠠᠩ ᠠᠷᠠᠨᠰᠢᠨ ᠤ ᠪᠦᠷᠢᠯᠳᠦᠬᠦ ᠪᠡ ᠵᠠᠩ ᠮᠤᠷᠠᠯ ᠤᠨ ᠲᠡᠭᠦᠯᠳᠡᠷᠵᠢᠬᠦ ᠶᠢ ᠲᠦᠥᠯᠬᠢᠨ ᠠᠭᠢᠭᠤᠯᠬᠤ ᠪᠤᠯᠤᠨ᠎ᠠ᠃
Original Literature View Original Paper
出自 中国蒙古学 2013年 第3期

联系我们


内蒙古大学图书馆
呼和浩特市大学西路235号
中国·内蒙古
P: (0471) 4992561
E: huangfeilong@imu.edu.cn