Paper Information


Title ᠬᠡᠰᠢᠭᠲᠡᠨ ᠬᠤᠰᠢᠭᠤᠨ ᠤ ᠮᠠᠯᠵᠢᠬᠤ ᠣᠷᠤᠨ ᠤ ᠮᠠᠯ ᠠᠵᠤ ᠠᠬᠤᠢ ᠶᠢᠨ ᠪᠦᠲᠦᠬᠡᠨ ᠪᠠᠢᠭᠤᠯᠤᠯᠲᠠ ᠳᠤ ᠣᠷᠤᠰᠢᠵᠤ ᠪᠠᠢᠭ᠎ᠠ ᠬᠡᠳᠦᠨ ᠠᠰᠠᠭᠤᠳᠠᠯ
Creator ᠠᠭᠤᠯᠠ
Keyword ᠮᠠᠯᠵᠢᠬᠤ ᠣᠷᠤᠨ; ᠪᠦᠲᠦᠬᠡᠨ ᠪᠠᠢᠭᠤᠯᠤᠯᠲᠠ; ᠡᠪᠡᠰᠦᠨ ᠦ ᠦᠢᠯᠡᠰ; ᠡᠬᠢ ᠪᠠᠶᠠᠯᠢᠭ; ᠬᠠᠤᠯᠢ ᠴᠠᠭᠠᠵᠠ
Abstract ᠬᠡᠰᠢᠭᠲᠡᠨ ᠬᠤᠰᠢᠭᠤᠨ ᠤ ᠮᠠᠯᠵᠢᠬᠤ ᠣᠷᠤᠨ ᠤ ᠪᠦᠲᠦᠬᠡᠨ ᠪᠠᠢᠭᠤᠯᠤᠯᠲᠠ ᠳᠤ ᠣᠷᠤᠰᠢᠵᠤ ᠪᠠᠢᠭ᠎ᠠ ᠠᠰᠠᠭᠤᠳᠠᠯ ᠢ ᠭᠦᠨᠵᠡᠭᠡᠢ ᠰᠢᠨᠵᠢᠯᠡᠵᠦ᠂ ᠵᠦᠷᠢᠴᠡᠯ ᠢ ᠵᠦᠪ ᠢᠶᠡᠷ ᠰᠢᠢᠳᠪᠦᠷᠢᠯᠡᠬᠦ ᠠᠷᠭ᠎ᠠ ᠵᠠᠮ ᠢ ᠡᠷᠢᠯᠬᠢᠯᠡᠵᠦ᠂ ᠮᠡᠳᠡᠯᠭᠡ ᠴᠢᠭᠵᠢᠷᠡᠭᠰᠡᠨ ᠬᠡᠯᠪᠡᠷᠢ ᠶᠢᠨ ᠡᠪᠡᠰᠦᠨ ᠦ ᠦᠢᠯᠡᠰ ᠢ ᠬᠦᠭᠵᠢᠭᠦᠯᠵᠦ᠂ ᠡᠪᠡᠰᠦ ᠮᠠᠯ ᠤᠨ ᠵᠦᠷᠢᠴᠡᠯ ᠢ ᠰᠠᠢᠲᠤᠷ ᠰᠢᠢᠳᠪᠦᠷᠢᠯᠡᠵᠦ᠂ ᠮᠠᠯ ᠤᠨ ᠠᠰᠢᠭ ᠰᠢᠮ᠎ᠡ ᠶᠢᠨ ᠭᠦᠨ ᠡᠳ᠋ᠰᠢᠭᠦᠯᠦᠯᠲᠡ ᠶᠢ ᠭᠦᠨᠵᠡᠭᠡᠶᠢᠷᠡᠭᠦᠯᠵᠦ᠂ ᠨᠡᠷᠡᠲᠦ ᠲᠠᠸᠠᠷ ᠲᠡᠮᠳᠡᠭ ᠢ ᠡᠭᠦᠳᠴᠦ ᠵᠠᠬ᠎ᠠ ᠳᠡᠯᠭᠡᠭᠦᠷ ᠲᠦ ᠬᠤᠪᠢ ᠡᠵᠡᠯᠡᠨ᠂ ᠠᠰᠢᠭ ᠣᠷᠤᠯᠭ᠎ᠠ ᠪᠠᠨ ᠨᠡᠮᠡᠭᠳᠡᠭᠦᠯᠬᠦ ᠶᠢᠨ ᠬᠠᠮᠲᠤ᠂ ᠨᠤᠲᠤᠭ ᠪᠡᠯᠴᠢᠭᠡᠷ ᠪᠤᠯ ᠮᠠᠯᠴᠢᠳ ᠤᠨ ᠣᠷᠤᠰᠢᠨ ᠲᠤᠭᠲᠠᠨᠢᠬᠤ ᠶᠢᠨ ᠪᠠᠲᠤᠯᠠᠭ᠎ᠠ ᠭᠡᠳᠡᠭ ᠢ ᠡᠷᠬᠡᠪᠰᠢ ᠲᠦᠷᠦ ᠶᠢᠨ ᠪᠤᠳᠤᠯᠭ᠎ᠠ ᠶᠢᠨ ᠦᠨᠳᠦᠷᠴᠡ ᠡᠴᠡ ᠭᠦᠢᠴᠡᠳ ᠲᠠᠨᠢᠵᠤ᠂ ᠠᠮᠢ ᠠᠬᠤᠢ ᠶᠢᠨ ᠪᠠ ᠦᠨᠳᠦᠰᠦᠲᠡᠨ ᠦ ᠰᠤᠶᠤᠯ ᠲᠡᠦᠬᠡ ᠶᠢᠨ ᠣᠨᠴᠠᠯᠢᠭ ᠪᠦᠬᠦᠢ ᠵᠤᠭᠠᠴᠠᠯ ᠤᠨ ᠦᠢᠯᠡᠰ ᠢ ᠢᠳᠡᠪᠬᠢᠲᠡᠢ ᠬᠦᠭᠵᠢᠭᠦᠯᠵᠦ᠂ ᠨᠤᠲᠤᠭ ᠪᠡᠯᠴᠢᠭᠡᠷ᠂ ᠡᠬᠢ ᠪᠠᠶᠠᠯᠢᠭ ᠢ ᠲᠠᠲᠠᠪᠤᠷᠢᠯᠠᠵᠤ ᠨᠡᠭᠡᠭᠡᠨ ᠠᠰᠢᠭᠯᠠᠬᠤ ᠳᠤ 《ᠨᠤᠲᠤᠭ ᠪᠡᠯᠴᠢᠭᠡᠷ ᠦᠨ ᠬᠠᠤᠯᠢ》᠂ 《ᠣᠷᠴᠢᠨ ᠲᠤᠭᠤᠷᠢᠨ ᠢ ᠬᠠᠮᠠᠭᠠᠯᠠᠬᠤ ᠬᠠᠤᠯᠢ》 ᠵᠡᠷᠭᠡ ᠬᠠᠤᠯᠢ ᠴᠠᠭᠠᠵᠠ ᠶᠢ ᠴᠢᠩᠭ᠍᠎ᠠ ᠵᠢᠷᠦᠮᠯᠡᠵᠦ᠂ ᠠᠭᠤᠷᠬᠠᠢ ᠶᠢᠨ ᠣᠷᠴᠢᠨ ᠤ ᠠᠮᠢ ᠠᠬᠤᠢ ᠶᠢᠨ ᠡᠪᠳᠡᠭᠳᠡᠯ ᠪᠡ ᠤᠰᠤᠨ ᠤ ᠡᠬᠢ ᠰᠤᠷᠪᠤᠯᠵᠢ ᠶᠢᠨ ᠪᠤᠬᠢᠷᠲᠤᠯ ᠢ ᠦᠭᠡᠶᠢᠰᠭᠡᠵᠦ᠂ ᠮᠠᠯᠴᠢᠳ ᠤᠨ ᠬᠠᠤᠯᠢ ᠶᠤᠰᠤᠨ ᠤ ᠡᠷᠬᠡ ᠠᠰᠢᠭ ᠢ ᠭᠦᠢᠴᠡᠳ ᠬᠠᠮᠠᠭᠠᠯᠠᠵᠤ᠂ ᠨᠤᠲᠤᠭ ᠪᠡᠯᠴᠢᠭᠡᠷ ᠦᠨ ᠲᠦᠯᠦᠪᠦᠷᠢᠯᠡᠬᠦ ᠪᠡ ᠲᠦᠪᠬᠢᠨᠡᠭᠦᠯᠬᠦ ᠨᠦᠬᠦᠪᠦᠷᠢ ᠰᠦᠢᠳᠭᠡᠯ ᠢ ᠲᠤᠭᠲᠠᠭᠠᠯ ᠶᠤᠰᠤᠭᠠᠷ ᠪᠦᠷᠢᠨ ᠣᠯᠭᠤᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠦᠨ ᠲᠤᠭᠲᠠᠭᠤᠨ ᠬᠦᠭᠵᠢᠯᠲᠡ ᠶᠢ ᠪᠠᠲᠤᠯᠠᠵᠤ᠂ ᠦᠢᠯᠡᠰᠵᠢᠯᠲᠡ᠂ ᠬᠡᠪᠴᠢᠶᠡᠵᠢᠯᠲᠡ᠂ ᠲᠠᠸᠠᠷᠴᠢᠯᠠᠯᠲᠠ ᠶᠢᠨ ᠵᠠᠮ ᠢᠶᠠᠷ ᠵᠠᠮᠨᠠᠬᠤ ᠶᠢᠨ ᠤᠯᠠᠮ ᠢᠶᠠᠷ ᠮᠠᠯᠴᠢᠨ ᠲᠦᠮᠡᠨ ᠦ ᠣᠷᠤᠯᠭ᠎ᠠ ᠶᠢᠨ ᠨᠡᠮᠭᠳᠡᠯ ᠪᠡ ᠲᠠᠯ᠎ᠠ ᠨᠤᠲᠤᠭ ᠤᠨ ᠠᠮᠢ ᠠᠬᠤᠢ ᠶᠢᠨ ᠣᠷᠴᠢᠨ ᠤ ᠰᠠᠢᠵᠢᠷᠠᠯ ᠤᠨ ᠬᠤᠤᠰ ᠠᠮᠵᠢᠯᠲᠠ ᠶᠢ ᠣᠯᠬᠤ ᠠᠷᠭ᠎ᠠ ᠵᠠᠮ ᠢ ᠰᠦᠪᠡᠭᠴᠢᠯᠡᠵᠡᠢ᠃
Original Literature No Original Paper
出自 内蒙古师范大学学报(自然科学蒙古文版) 2010年 第1期

联系我们


内蒙古大学图书馆
呼和浩特市大学西路235号
中国·内蒙古
P: (0471) 4992561
E: huangfeilong@imu.edu.cn