Paper Information


Title ᠳᠡᠭᠡᠳᠦ ᠰᠤᠷᠭᠠᠭᠤᠯᠢ ᠳᠤ ᠶᠠᠷᠢᠯᠴᠠᠬᠤ ᠮᠠᠶᠢᠭ ᠤᠨ ᠵᠢᠭᠠᠨ ᠰᠤᠷᠭᠠᠬᠤ ᠠᠷᠭ᠎ᠠ ᠶᠢ ᠬᠡᠷᠡᠭᠵᠢᠭᠦᠯᠬᠦ ᠴᠢᠬᠤᠯᠠ ᠴᠢᠨᠠᠷ ᠤᠨ ᠲᠤᠬᠠᠢ — 《ᠣᠷᠴᠢᠨ ᠲᠤᠭᠤᠷᠢᠨ ᠤ ᠪᠢᠤᠯᠤᠬᠢ》 ᠳᠠᠬᠢ ᠬᠡᠷᠡᠭᠯᠡᠯᠲᠡ ᠪᠡᠷ ᠵᠢᠱᠢᠶᠡᠯᠡᠬᠦ ᠨᠢ
Creator ᠬᠤᠪᠢᠰᠬᠠᠯᠲᠤ
Keyword ᠶᠠᠷᠢᠯᠴᠠᠬᠤ ᠮᠠᠶᠢᠭ ᠤᠨ ᠵᠢᠭᠠᠨ ᠰᠤᠷᠭᠠᠬᠤ ᠠᠷᠭ᠎ᠠ; ᠰᠢᠯᠢᠳᠡᠭ ᠰᠡᠳᠬᠢᠭᠦᠢ; ᠰᠢᠨ᠎ᠡ ᠶᠢ ᠡᠭᠦᠳᠬᠦ; ᠤᠷᠠᠨ ᠰᠡᠳᠬᠢᠭᠦᠢ; ᠣᠷᠴᠢᠨ ᠲᠤᠭᠤᠷᠢᠨ ᠤ ᠪᠢᠤᠯᠤᠬᠢ
Abstract ᠶᠠᠷᠢᠯᠴᠠᠬᠤ ᠮᠠᠶᠢᠭ ᠤᠨ ᠵᠢᠭᠠᠨ ᠰᠤᠷᠭᠠᠬᠤ ᠠᠷᠭ᠎ᠠ ᠨᠢ ᠣᠳᠤᠬᠠᠨ ᠤ ᠤᠶᠤᠲᠠᠳ ᠲᠤ ᠭᠤᠤᠯ ᠴᠤᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠯᠢᠳᠡᠭ ᠰᠡᠳᠬᠢᠭᠦᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠰᠤᠷᠤᠯᠴᠠᠬᠤ ᠤᠷᠮ᠎ᠠ ᠰᠡᠳᠬᠢᠯᠭᠡ᠂ ᠬᠠᠮᠲᠤ ᠶᠢᠨ ᠵᠤᠷᠢᠭ ᠰᠠᠨᠠᠭ᠎ᠠ᠂ ᠶᠠᠷᠢᠶ᠎ᠠ ᠢᠯᠡᠳᠭᠡᠯ ᠦᠨ ᠴᠢᠳᠠᠪᠤᠷᠢ ᠵᠡᠷᠭᠡ ᠣᠯᠠᠨ ᠲᠠᠯ᠎ᠠ ᠶᠢᠨ ᠴᠢᠳᠠᠪᠤᠷᠢ ᠶᠢ ᠪᠦᠷᠢᠯᠳᠦᠭᠦᠯᠵᠦ ᠴᠢᠳᠠᠨ᠎ᠠ᠃ ᠡᠢᠮᠦᠷᠭᠦᠦ ᠴᠢᠳᠠᠪᠤᠷᠢ ᠶᠢ ᠨᠡᠢᠭᠡᠮ ᠦᠨ ᠬᠦᠭᠵᠢᠯᠲᠡ ᠶᠢᠨ ᠱᠠᠭᠠᠷᠳᠠᠯᠭ᠎ᠠ ᠳᠤ ᠲᠤᠬᠢᠷᠠᠭᠰᠠᠨ ᠰᠢᠨ᠎ᠡ ᠶᠢ ᠡᠭᠦᠳᠬᠦ ᠬᠡᠯᠪᠡᠷᠢ ᠶᠢᠨ ᠴᠢᠳᠠᠪᠤᠷᠢᠲᠠᠨ ᠢ ᠪᠤᠢᠵᠢᠭᠤᠯᠬᠤ ᠳᠤ ᠡᠷᠬᠡᠪᠰᠢ ᠴᠢᠬᠤᠯᠠᠴᠢᠯᠠᠬᠤ ᠬᠡᠷᠡᠭᠷᠲᠡᠢ ᠶᠤᠮ᠃ ᠲᠤᠰ ᠦᠭᠦᠯᠡᠯ ᠳᠦ ᠣᠷᠴᠢᠨ ᠲᠤᠭᠤᠷᠢᠨ ᠤ ᠪᠢᠤᠯᠤᠬᠢ ᠶᠢᠨ ᠨᠢᠭᠡ ᠬᠢᠴᠢᠶᠡᠯᠡᠯᠭᠡ ᠶᠢᠨ ᠴᠠᠭ ᠲᠠᠬᠢ ᠪᠤᠳᠠᠲᠠᠢ ᠵᠢᠱᠢᠶ᠎ᠡ ᠪᠡᠷ ᠳᠠᠮᠵᠢᠨ᠂ ᠰᠤᠷᠤᠭᠴᠢ ᠶᠢᠨ ᠵᠢᠭᠠᠨ ᠰᠤᠷᠭᠠᠬᠤ ᠶᠠᠪᠤᠴᠠ ᠶᠢᠨ ᠪᠦᠬᠦ ᠦᠨᠭᠡᠷᠡᠯᠲᠡ ᠳᠦ ᠣᠷᠤᠯᠴᠠᠭᠰᠠᠨ ᠪᠠᠢᠳᠠᠯ ᠳᠤ ᠵᠠᠳᠠᠯᠤᠯᠲᠠ ᠬᠢᠵᠦ᠂ ᠶᠠᠷᠢᠯᠴᠠᠬᠤ ᠮᠠᠶᠢᠭ ᠤᠨ ᠵᠢᠭᠠᠨ ᠰᠤᠷᠭᠠᠬᠤ ᠠᠷᠭ᠎ᠠ ᠶᠢᠨ ᠴᠢᠬᠤᠯᠠ ᠴᠢᠨᠠᠷ ᠢ ᠭᠦᠢᠴᠡᠳ ᠢᠯᠡᠳᠭᠡᠵᠡᠢ᠃
Original Literature No Original Paper
出自 内蒙古师范大学学报(自然科学蒙古文版) 2011年 第3期

联系我们


内蒙古大学图书馆
呼和浩特市大学西路235号
中国·内蒙古
P: (0471) 4992561
E: huangfeilong@imu.edu.cn