Paper Information


Title ᠲᠤᠭ᠎ᠠ ᠹᠢᠽᠢᠺ ᠤᠨ ᠠᠰᠠᠭᠤᠳᠠᠯ ᠤᠨ ᠰᠤᠳᠤᠯᠭᠠᠨ ᠤ ᠲᠡᠦᠬᠡ ᠶᠢᠨ ᠠᠩᠬᠠᠨ ᠤ ᠰᠦᠪᠡᠭᠴᠢᠯᠡᠯ
Creator ᠵᠤᠤ ᠹᠧᠩ ᠴᠢ; ᠰᠦᠨ ᠶᠦᠩ ᠫᠢᠩ
Keyword ᠲᠤᠭ᠎ᠠ ᠹᠢᠽᠢᠺ ᠤᠨ ᠠᠰᠠᠭᠤᠳᠠᠯ; ᠲᠤᠭᠠᠨ ᠤ ᠤᠠᠬᠭᠠᠨ; ᠹᠢᠽᠢᠺ ᠤᠨ ᠤᠬᠠᠭᠠᠨ; ᠲᠡᠦᠬᠡ
Abstract ᠰᠢᠨᠵᠢᠯᠡᠬᠦ ᠤᠬᠠᠭᠠᠨ ᠤ ᠲᠡᠦᠬᠡ ᠰᠤᠳᠤᠯᠤᠯ ᠤᠨ ᠬᠠᠷᠭᠠᠰᠤ ᠠᠴᠠ ᠲᠤᠭ᠎ᠠ ᠹᠢᠽᠢᠺ ᠤᠨ ᠤᠬᠠᠭᠠᠨ ᠤ ᠠᠰᠠᠭᠤᠳᠠᠯ ᠤᠨ ᠲᠡᠦᠬᠡᠨ ᠬᠤᠪᠢᠷᠠᠯ ᠳᠤ ᠪᠦᠬᠦᠢᠯᠡ ᠴᠤᠭᠴᠠ ᠶᠢᠨ ᠴᠢᠨᠠᠷᠲᠠᠢ ᠵᠠᠳᠠᠯᠤᠯᠲᠠ ᠪᠠ ᠰᠢᠭᠦᠮᠵᠢᠯᠡᠯᠲᠡ ᠬᠢᠵᠡᠢ᠃ ᠪᠠᠰᠠ ᠣᠳᠣ ᠦᠶ᠎ᠡ ᠶᠢᠨ ᠲᠤᠭ᠎ᠠ ᠹᠢᠽᠢᠺ ᠤᠨ ᠠᠰᠠᠭᠤᠳᠠᠯ ᠤᠨ ᠰᠤᠳᠤᠯᠭᠠᠨ ᠤ ᠲᠠᠯ᠎ᠠ ᠪᠠᠷ ᠬᠢ ᠭᠤᠤᠯ ᠠᠮᠵᠢᠯᠲᠠ ᠪᠦᠲᠦᠮᠵᠢ ᠶᠢ ᠲᠠᠢᠯᠪᠤᠷᠢᠯᠠᠵᠤ᠂ ᠲᠤᠭ᠎ᠠ ᠹᠢᠽᠢᠺ ᠤᠨ ᠠᠰᠠᠭᠤᠳᠠᠯ ᠤᠨ ᠰᠤᠳᠤᠯᠭᠠᠨ ᠤ ᠲᠡᠦᠬᠡᠨ ᠬᠤᠪᠢᠷᠠᠯ ᠢ ᠠᠩᠬ᠎ᠠ ᠴᠡᠭᠴᠡᠯᠡᠨ ᠲᠤᠳᠤᠷᠬᠠᠢᠯᠠᠵᠤ᠂ ᠲᠤᠭ᠎ᠠ ᠹᠢᠽᠢᠺ ᠤᠨ ᠠᠰᠠᠭᠤᠳᠠᠯ ᠤᠨ ᠲᠤᠬᠠᠢ ᠰᠤᠳᠤᠯᠭᠠᠨ ᠨᠢ ᠲᠤᠭᠠᠨ ᠤ ᠤᠬᠠᠭᠠᠨ ᠪᠤᠯᠤᠨ ᠹᠢᠽᠢᠺ ᠤᠨ ᠤᠬᠠᠭᠠᠨ ᠤᠶᠠᠯᠳᠤᠭᠰᠠᠨ ᠯᠤᠳᠤ ᠶᠡᠬᠡ ᠦᠷ᠎ᠡ ᠪᠦᠲᠦᠭᠡᠯ ᠢ ᠪᠤᠢ ᠪᠤᠯᠭᠠᠵᠤ᠂ ᠰᠢᠨᠵᠢᠯᠡᠭᠡᠨ ᠦ ᠰᠤᠯᠪᠢᠴᠠᠭ᠎ᠠ ᠶᠢᠨ ᠠᠮᠵᠢᠯᠲᠠ ᠲᠠᠢ ᠨᠡᠢᠲᠡᠯᠢᠭ ᠵᠢᠱᠢᠶ᠎ᠡ ᠪᠤᠯᠵᠤ ᠴᠢᠳᠠᠵᠠᠢ᠃ ᠰᠢᠨᠵᠢᠯᠡᠬᠦ ᠤᠬᠠᠭᠠᠨ ᠤ ᠲᠡᠦᠬᠡ ᠰᠤᠳᠤᠯᠤᠯ ᠤᠨ ᠣᠨᠴᠠᠯᠢᠭ ᠲᠤ ᠰᠠᠭᠤᠷᠢᠯᠠᠭᠰᠠᠨ ᠲᠤᠰ ᠲᠦᠷᠦᠯ ᠦᠨ ᠠᠵᠢᠯ ᠨᠢ ᠲᠤᠭ᠎ᠠ ᠹᠢᠽᠢᠺ ᠤᠨ ᠠᠰᠠᠭᠤᠳᠠᠯ ᠤᠨ ᠡᠷᠳᠡᠮ ᠰᠢᠨᠵᠢᠯᠡᠭᠡ ᠳᠦ ᠦᠢᠯᠡᠴᠢᠯᠡᠵᠦ᠂ ᠬᠦᠮᠦᠰ ᠲᠦ ᠡᠨᠡ ᠬᠦ ᠠᠰᠠᠭᠤᠳᠠᠯ ᠤᠨ ᠲᠤᠬᠠᠢ ᠪᠦᠬᠦᠢᠯᠡ ᠴᠤᠭᠴᠠ ᠶᠢᠨ ᠳᠦᠷᠢ ᠲᠦᠷᠬᠦ ᠶᠢ ᠪᠦᠲᠦᠭᠡᠬᠦ ᠳᠦ ᠦᠢᠯᠡᠴᠢᠯᠡᠨ᠎ᠡ᠃
Original Literature No Original Paper
出自 内蒙古师范大学学报(自然科学蒙古文版) 2014年 第4期

联系我们


内蒙古大学图书馆
呼和浩特市大学西路235号
中国·内蒙古
P: (0471) 4992561
E: huangfeilong@imu.edu.cn