Paper Information


Title ᠴᠢᠩᠭᠢᠰ ᠬᠠᠭᠠᠨ ᠤ ᠴᠡᠷᠢᠭ ᠳᠠᠢᠨ ᠤ ᠪᠠᠢᠯᠳᠤᠬᠤ ᠪᠤᠳᠤᠯᠭ᠎ᠠ᠂ ᠪᠠᠢᠯᠳᠤᠬᠤ ᠠᠷᠭ᠎ᠠ ᠵᠢᠴᠢ ᠠᠭᠤᠯᠤᠭᠳᠠᠭᠰᠠᠨ ᠭᠦᠨ ᠤᠬᠠᠭᠠᠨ ᠤ ᠦᠵᠡᠯ ᠰᠠᠨᠠᠭ᠎ᠠ ᠶᠢᠨ ᠲᠤᠬᠠᠢ ᠰᠤᠳᠤᠯᠭᠠᠨ ᠤ ᠲᠤᠢᠮᠤᠴᠢᠯᠠᠯ
Creator ᠡᠦ ᠮᠧᠢ ᠿᠦᠩ
Keyword ᠴᠢᠩᠭᠢᠰ ᠬᠠᠭᠠᠨ; ᠴᠡᠷᠢᠭ ᠳᠠᠢᠨ; ᠪᠠᠢᠯᠳᠤᠬᠤ ᠪᠤᠳᠤᠯᠭ᠎ᠠ ᠪᠠ ᠠᠷᠭ᠎ᠠ; ᠭᠦᠨ ᠤᠬᠠᠭᠠᠨ ᠤ ᠦᠵᠡᠯ ᠰᠠᠨᠠᠭ᠎᠎ᠠ
Abstract 13 ᠳᠤᠭᠠᠷ ᠵᠠᠭᠤᠨ ᠤ ᠦᠶ᠎ᠡ ᠶᠢᠨ ᠳᠡᠯᠡᠬᠡᠢ ᠶᠢᠷᠲᠢᠨᠴᠦ ᠶᠢᠨ ᠭᠡᠷᠡᠯᠲᠦ ᠬᠠᠭᠤᠳᠠᠰᠤᠨ ᠳᠤ ᠲᠡᠮᠳᠡᠭᠯᠡᠭᠳᠡᠭᠰᠡᠨ ᠨᠢᠭᠡᠨ ᠲᠤᠮᠤ ᠦᠢᠯᠡ ᠬᠡᠷᠡᠭ ᠬᠡᠮᠡᠪᠡᠰᠦ 《ᠮᠣᠩᠭᠤᠯ》 ᠭᠡᠳᠡᠭ ᠡᠷᠡᠯᠬᠡᠭ ᠪᠠᠭᠠᠲᠤᠷᠯᠢᠭ ᠦᠨᠳᠦᠰᠦᠲᠡᠨ ᠦ ᠬᠠᠮᠲᠤ ᠶᠢᠨ ᠴᠤᠭᠴᠠ ᠪᠦᠷᠢᠯᠳᠦᠵᠦ᠂ ᠢᠯᠠᠭᠳᠠᠰᠢ ᠦᠭᠡᠢ ᠳᠠᠢᠴᠢᠨ ᠬᠦᠴᠦ ᠪᠡᠷ ᠳᠡᠯᠡᠬᠡᠢ ᠶᠢᠨ ᠲᠡᠦᠬᠡᠨ ᠳᠠᠪᠴᠠᠩ ᠳᠤ ᠠᠯᠬᠤᠨ ᠭᠠᠷᠤᠭᠰᠠᠨ ᠤᠴᠢᠷ ᠪᠤᠯᠬᠤ ᠪᠢᠯᠡ᠃ ᠲᠡᠭᠦᠨ ᠡᠴᠡ ᠬᠤᠢᠰᠢ᠂ ᠠᠤᠭ᠎ᠠ ᠶᠡᠬᠡ ᠲᠡᠦᠬᠡᠨ ᠤᠯᠠᠷᠢᠯᠲᠠ ᠲᠠᠢ ᠨᠢᠭᠲᠠ ᠬᠤᠯᠪᠤᠭᠳᠠᠯ ᠪᠦᠬᠦᠢ ᠴᠢᠩᠭᠢᠰ ᠬᠠᠭᠠᠨ ᠭᠡᠭᠴᠢ ᠬᠦᠮᠦᠨ ᠶᠢᠷᠲᠢᠨᠴᠦ ᠲᠠᠶᠠᠭᠠᠷ ᠤᠨ ᠠᠩᠬᠠᠷᠤᠯ ᠰᠤᠨᠢᠷᠬᠠᠯ ᠢ ᠲᠠᠲᠠᠵᠤ᠂ ᠣᠯᠠᠨ ᠵᠠᠭᠤᠨ ᠵᠢᠯ ᠦᠨ ᠲᠤᠷᠰᠢᠲᠠ ᠡᠯᠳᠡᠪ ᠵᠤᠢᠯ ᠤᠨ ᠦᠭᠦᠯᠡᠯ ᠮᠠᠷᠭᠤᠭᠠᠨ ᠢ ᠳᠡᠭᠳᠡᠭᠡᠵᠦ᠂ ᠣᠳᠣ ᠳᠦ ᠬᠦᠷᠲᠡᠯ᠎ᠡ ᠪᠡᠨ ᠳᠡᠯᠡᠬᠡᠢ ᠲᠠᠶᠠᠭᠠᠷ ᠲᠤ ᠴᠢᠩᠭᠢᠰ ᠬᠠᠭᠠᠨ ᠤ ᠬᠢᠭᠰᠡᠨ ᠳᠠᠢᠨ ᠪᠠ ᠳᠠᠢᠨ ᠤ ᠶᠠᠪᠤᠴᠠ ᠳᠤ ᠢᠯᠡᠷᠡᠭᠰᠡᠨ ᠭᠠᠷᠮᠠᠭᠠᠢ ᠪᠠᠢᠯᠳᠤᠬᠤ ᠪᠤᠳᠤᠯᠭ᠎ᠠ᠂ ᠪᠠᠢᠯᠳᠤᠬᠤ ᠠᠷᠭ᠎ᠠ ᠵᠢᠴᠢ ᠲᠡᠭᠦᠨ ᠦ ᠭᠦᠨ ᠤᠬᠠᠭᠠᠨ ᠤ ᠦᠵᠡᠯ ᠰᠠᠨᠠᠭ᠎ᠠ ᠶᠢ ᠲᠤᠰᠬᠠᠢ ᠰᠤᠳᠤᠯᠤᠭᠴᠢᠳ ᠬᠤᠢᠨ᠎ᠠ ᠬᠤᠢᠨ᠎ᠠ ᠠᠴᠠ ᠪᠠᠨ ᠴᠤᠯᠭᠤᠷᠠᠨ ᠭᠠᠷᠴᠠᠢ᠃ ᠲᠤᠰ ᠦᠭᠦᠯᠡᠯ ᠳᠦ᠂ ᠭᠤᠤᠯᠳᠠᠭᠤ ᠣᠳᠣ ᠦᠶ ᠡ ᠶᠢᠨ ᠮᠣᠩᠭᠤᠯ ᠲᠡᠦᠬᠡᠴᠢᠳ ᠦᠨ ᠴᠢᠩᠭᠢᠰ ᠬᠠᠭᠠᠨ ᠤ ᠴᠡᠷᠢᠭ ᠳᠠᠢᠨ ᠤ ᠪᠠᠢᠯᠳᠤᠬᠤ ᠪᠤᠳᠤᠯᠭ᠎ᠠ ᠪᠠ ᠪᠠᠢᠯᠳᠤᠬᠤ ᠠᠷᠭ᠎ᠠ ᠪᠠ ᠲᠡᠭᠦᠨ ᠦ ᠴᠡᠷᠢᠭ ᠳᠠᠢᠨ ᠳᠠᠬᠢ ᠭᠦᠨ ᠤᠬᠠᠭᠠᠨ ᠤ ᠦᠵᠡᠯ ᠰᠠᠨᠠᠭ᠎ᠠ ᠶᠢᠨ ᠲᠠᠯ᠎ᠠ ᠪᠠᠷ ᠬᠢᠭᠰᠡᠨ ᠰᠤᠳᠤᠯᠭᠠᠨ ᠤ ᠲᠤᠢᠮᠤ ᠶᠢ ᠬᠤᠷᠢᠶᠠᠩᠭᠤᠢᠯᠠᠨ ᠳ᠋ᠦᠩᠨᠡᠬᠦ ᠭᠡᠰᠡᠨ ᠶᠤᠮ᠃
Original Literature No Original Paper
出自 蒙古学研究 2015年 第4期

联系我们


内蒙古大学图书馆
呼和浩特市大学西路235号
中国·内蒙古
P: (0471) 4992561
E: huangfeilong@imu.edu.cn