Paper Information


Title ᠠᠮᠢᠲᠠᠨ ᠤ ᠪᠡᠶ᠎ᠡ ᠳᠦ ᠬᠤᠳᠤᠭᠤᠳᠤᠨ ᠰᠢᠷᠠᠭᠯᠠᠭ᠎ᠠ ᠶᠢᠨ ᠵᠠᠭᠪᠤᠷ ᠵᠤᠬᠢᠶᠠᠵᠤ ᠪᠠᠢᠭ᠎ᠠ ᠰᠤᠳᠤᠯᠭᠠᠨ ᠤ ᠲᠤᠢᠮᠤ
Creator ᠮᠧᠢ ᠬᠤᠩ; ᠡᠦ ᠴᠢ ᠱᠢ ᠰᠠᠨ
Keyword ᠬᠤᠳᠤᠭᠤᠳᠤᠨ ᠰᠢᠷᠠᠭᠯᠠᠭ᠎ᠠ; ᠠᠮᠢᠲᠠᠨ ᠤ ᠵᠠᠭᠪᠤᠷ; ᠵᠤᠬᠢᠶᠠᠬᠤ ᠠᠷᠭ᠎ᠠ; ᠲᠤᠢᠮᠤ ᠲᠠᠨᠢᠯᠴᠠᠭᠤᠯᠭ᠎ᠠ
Abstract ᠵᠤᠷᠢᠯᠭ᠎ᠠ᠄ ᠬᠤᠳᠤᠭᠤᠳᠤᠨ ᠰᠢᠷᠠᠭᠯᠠᠭ᠎ᠠ ᠶᠢᠨ ᠠᠮᠢᠲᠠᠨ ᠤ ᠵᠠᠭᠪᠤᠷ ᠵᠤᠬᠢᠶᠠᠵᠤ ᠪᠠᠢᠭ᠎ᠠ ᠰᠤᠳᠤᠯᠭᠠᠨ ᠤ ᠲᠤᠢᠮᠤ ᠪᠠᠢᠳᠠᠯ ᠢ ᠣᠢᠯᠠᠭᠠᠨ᠎ᠠ᠃ ᠠᠷᠭ᠎ᠠ᠄ ᠣᠷᠴᠢᠮ ᠤᠨ ᠬᠡᠳᠦᠨ ᠵᠢᠯ ᠳᠦ ᠨᠡᠢᠲᠡᠯᠡᠭᠳᠡᠵᠦ ᠪᠠᠢᠭ᠎ᠠ ᠰᠡᠳᠭᠦᠯ᠂ ᠮᠣᠩᠭᠤᠯ ᠠᠨᠠᠭᠠᠬᠤ ᠤᠬᠠᠭᠠᠨ ᠤ ᠰᠤᠷᠪᠤᠯᠵᠢ ᠪᠢᠴᠢᠭ ᠪᠡ ᠬᠠᠮᠢᠶ᠎ᠠ ᠪᠦᠬᠦᠢ ᠮᠠᠲ᠋ᠧᠷᠢᠶᠠᠯ ᠢ ᠦᠨᠳᠦᠰᠦᠯᠡᠨ ᠬᠤᠳᠤᠭᠤᠳᠤᠨ ᠰᠢᠷᠠᠭᠯᠠᠭ᠎ᠠ ᠶᠢᠨ ᠠᠮᠢᠲᠠᠨ ᠤ ᠵᠠᠭᠪᠤᠷ ᠵᠤᠬᠢᠶᠠᠵᠤ ᠪᠠᠢᠭ᠎ᠠ ᠰᠤᠳᠤᠯᠭᠠᠨ ᠤ ᠪᠠᠢᠳᠠᠯ ᠢ ᠡᠮᠬᠢᠳᠭᠡᠨ ᠬᠤᠷᠢᠶᠠᠩᠭᠤᠢᠯᠠᠨ᠎ᠠ᠃ ᠦᠷ᠎ᠡ ᠳ᠋ᠦᠩ᠄ ᠬᠤᠳᠤᠭᠤᠳᠤᠨ ᠰᠢᠷᠠᠭᠯᠠᠭ᠎ᠠ ᠶᠢᠨ ᠠᠮᠢᠲᠠᠨ ᠤ ᠵᠠᠭᠪᠤᠷ ᠵᠤᠬᠢᠶᠠᠬᠤ ᠳᠤ ᠭᠤᠤᠯᠳᠠᠭᠤ ᠬᠤᠳᠤᠭᠤᠳᠤᠨ ᠬᠠᠨ᠎ᠠ ᠶᠢ ᠭᠡᠮᠲᠦᠭᠡᠬᠦ᠂ ᠬᠢᠮᠢ ᠶᠢᠨ ᠡᠮ ᠢᠶᠡᠷ ᠦᠳᠦᠭᠡᠬᠦ᠂ ᠰᠡᠳᠡᠯᠲᠡ ᠦᠭᠬᠦ᠂ ᠬᠤᠳᠤᠭᠤᠳᠤᠨ ᠤ ᠮᠤᠬᠤᠷ ᠢ ᠤᠳᠠᠰᠤ ᠪᠠᠷ ᠪᠤᠭᠤᠨ ᠤᠶᠠᠵᠤ ᠠᠮᠢᠲᠠᠨ ᠤ ᠵᠠᠭᠪᠤᠷ ᠵᠤᠬᠢᠶᠠᠬᠤ ᠠᠷᠭ᠎ᠠ ᠪᠠ ᠡᠷᠭᠦᠯᠢᠭ ᠰᠠᠪᠠᠭᠴᠢᠷ ᠪᠠᠺᠲ᠋ᠧᠷ (Hp᠂ 幽门螺杆菌) ᠶᠢ ᠠᠰᠢᠭᠯᠠᠨ ᠠᠮᠢᠲᠠᠨ ᠤ ᠵᠠᠭᠪᠤᠷ ᠵᠤᠬᠢᠶᠠᠬᠤ ᠠᠷᠭ᠎ᠠ ᠵᠡᠷᠭᠡ ᠪᠠᠢᠵᠤ᠂ ᠡᠭᠦᠨ ᠳᠦ ᠬᠤᠳᠤᠭᠤᠳᠤᠨ ᠬᠠᠨ᠎ᠠ ᠶᠢ ᠭᠡᠮᠲᠦᠭᠡᠵᠦ ᠠᠮᠢᠲᠠᠨ ᠤ ᠵᠠᠭᠪᠤᠷ ᠵᠤᠬᠢᠶᠠᠬᠤ ᠠᠷᠭ᠎ᠠ᠂ ᠰᠡᠳᠡᠯᠲᠡ ᠦᠭᠴᠦ ᠠᠮᠢᠲᠠᠨ ᠤ ᠵᠠᠭᠪᠤᠷ ᠵᠤᠬᠢᠶᠠᠬᠤ ᠠᠷᠭ᠎ᠠ ᠬᠤᠳᠤᠭᠤᠳᠤᠨ ᠤ ᠮᠤᠬᠤᠷ ᠢ ᠪᠤᠭᠤᠨ ᠤᠶᠠᠵᠤ ᠠᠮᠢᠲᠠᠨ ᠤ ᠵᠠᠭᠪᠤᠷ ᠵᠤᠬᠢᠶᠠᠬᠤ ᠠᠷᠭ᠎ᠠ ᠨᠢ ᠦᠷᠭᠡᠨ ᠢᠶᠡᠷ ᠬᠡᠷᠡᠭᠯᠡᠭᠳᠡᠵᠦ᠂ ᠵᠠᠭᠪᠤᠷ ᠪᠦᠲᠦᠬᠦ ᠨᠤᠷᠮ᠎ᠠ ᠨᠢ ᠦᠨᠳᠦᠷ ᠪᠠᠢᠵᠤ᠂ ᠲᠤᠷᠰᠢᠯᠲᠠ ᠶᠢᠨ ᠦᠷ᠎ᠡ ᠳ᠋ᠦᠩ ᠢ ᠨᠡᠯᠢᠶᠡᠳ ᠰᠠᠢᠨ ᠵᠡᠷᠭᠡ ᠳᠠᠪᠠᠭᠤᠯᠢᠭ ᠲᠠᠯ᠎ᠠ ᠲᠠᠢ᠃ ᠭᠡᠪᠡᠴᠦ ᠵᠠᠭᠪᠤᠷ ᠵᠤᠬᠢᠶᠠᠬᠤ ᠳᠤ ᠲᠤᠭᠲᠠᠭᠰᠠᠨ ᠪᠠᠷᠢᠮᠵᠢᠶ᠎ᠠ ᠪᠠᠢᠬᠤ ᠦᠭᠡᠢ ᠪᠦᠭᠡᠳ ᠬᠦᠮᠦᠨ ᠲᠦᠷᠦᠯᠬᠢᠲᠡᠨ ᠦ ᠬᠤᠳᠤᠭᠤᠳᠤᠨ ᠰᠢᠷᠠᠭᠯᠠᠭ᠎ᠠ ᠶᠢᠨ ᠡᠪᠡᠳᠴᠢᠯᠡᠭᠦᠯᠬᠦ ᠤᠭ ᠶᠤᠰᠤᠨ ᠳᠤ ᠦᠨᠡᠨ ᠬᠦ ᠨᠡᠢᠴᠡᠭᠰᠡᠨ ᠨᠢ ᠲᠤᠩ ᠴᠦᠬᠡᠨ ᠪᠠᠢᠨ᠎ᠠ᠃ ᠳ᠋ᠦᠩᠨᠡᠯᠲᠡ᠄ ᠬᠤᠳᠤᠭᠤᠳᠤᠨ ᠰᠢᠷᠠᠭᠯᠠᠭ᠎ᠠ ᠶᠢᠨ ᠠᠮᠢᠲᠠᠨ ᠤ ᠬᠡᠪ ᠵᠠᠭᠪᠤᠷ ᠵᠤᠬᠢᠶᠠᠬᠤ ᠰᠤᠳᠤᠯᠤᠯᠲᠠ ᠶᠢ ᠤᠯᠠᠮ ᠴᠠᠭᠠᠰᠢᠲᠠ ᠭᠦᠨᠵᠡᠭᠡᠶᠢᠷᠡᠭᠦᠯᠦᠨ᠂ ᠬᠢᠬᠦ ᠠᠷᠭ᠎ᠠ ᠨᠢ ᠳᠦᠭᠦᠮ᠂ ᠵᠤᠬᠢᠶᠠᠨ ᠪᠦᠲᠦᠭᠡᠬᠦ ᠨᠤᠷᠮ᠎ᠠ ᠪᠠᠷ ᠦᠨᠳᠦᠷ᠂ ᠬᠦᠮᠦᠨ ᠲᠦᠷᠦᠯᠬᠢᠲᠡᠨ ᠦ ᠬᠤᠳᠤᠭᠤᠳᠤᠨ ᠰᠢᠷᠠᠭᠯᠠᠭ᠎ᠠ ᠶᠢᠨ ᠡᠪᠡᠳᠴᠢᠯᠡᠭᠦᠯᠬᠦ ᠵᠦᠢ ᠶᠤᠰᠤᠨ ᠳᠤ ᠲᠤᠬᠢᠷᠠᠯᠴᠠᠭᠰᠠᠨ ᠠᠮᠢᠲᠠᠨ ᠤ ᠵᠠᠭᠪᠤᠷ ᠢ ᠵᠤᠬᠢᠶᠠᠬᠤ ᠠᠷᠭ᠎ᠠ ᠶᠢ ᠴᠠᠭᠠᠰᠢᠲᠠ ᠰᠤᠳᠤᠯᠬᠤ ᠴᠢᠬᠤᠯᠠ ᠲᠠᠢ ᠪᠤᠢ᠃
Original Literature No Original Paper
出自 内蒙古民族大学学报(蒙医药学) 2015年 第1期

联系我们


内蒙古大学图书馆
呼和浩特市大学西路235号
中国·内蒙古
P: (0471) 4992561
E: huangfeilong@imu.edu.cn