Paper Information


Title ᠠᠷᠠᠳ ᠤᠨ ᠠᠮᠠᠨ ᠵᠤᠬᠢᠶᠠᠯ ᠤᠨ ᠭᠦᠨ ᠤᠬᠠᠭᠠᠨ ᠢ ᠰᠤᠳᠤᠯᠬᠤ ᠠᠴᠢ ᠬᠤᠯᠪᠤᠭᠳᠠᠯ
Creator ᠮᠦᠩᠬᠡᠪᠠᠶᠠᠷ
Keyword
Abstract ᠲᠤᠰ ᠦᠭᠦᠯᠡᠯ ᠳᠦ ᠂ ᠠᠷᠠᠳ ᠣᠯᠠᠨ ᠪᠤᠯ ᠨᠡᠢ᠌ᠭᠡᠮ ᠦᠨ ᠪᠤᠳᠠᠰ ᠤᠨ ᠡᠳ᠋ ᠪᠠᠶᠠᠯᠢᠭ ᠢ ᠡᠭᠦᠳᠦᠨ ᠪᠦᠲᠦᠭᠡᠭ᠍ᠴᠢ ᠪᠤᠯᠬᠤ ᠪᠠᠷ ᠪᠠᠷᠠᠬᠤ ᠦᠭᠡᠢ᠂ ᠨᠡᠢ᠌ᠭᠡᠮ ᠦᠨ ᠤᠶᠤᠨ ᠤᠬᠠᠭᠠᠨ ᠤ ᠡᠳ᠋ ᠪᠠᠶᠠᠯᠢᠭ ᠤᠨ ᠡᠭᠦᠳᠦᠨ ᠪᠦᠲᠦᠭᠡᠭ᠍ᠴᠢ ᠮᠦᠨ᠂ ᠣᠯᠠᠨ ᠵᠠᠭᠤᠨ ᠵᠢᠯ ᠠᠴᠠ ᠨᠠᠰᠢᠬᠢ ᠠᠷᠠᠳ ᠲᠦᠮᠡᠨ ᠦ ᠪᠦᠲᠦᠭᠡᠯ ᠪᠤᠯ ᠡᠯ᠎ᠡ ᠴᠠᠭ ᠦᠶ᠎ᠡ ᠳᠡᠬᠢ ᠲᠡᠳᠡᠨ ᠦ ᠶᠢᠷᠲᠢᠨᠴᠦ ᠶᠢᠨ ᠦᠵᠡᠯᠲᠡ ᠶᠢ ᠳᠤᠰᠬᠠᠭᠰᠠᠨ ᠪᠠᠢ᠌ᠳᠠᠭ᠃ ᠡᠢ᠌ᠮᠦ ᠡᠴᠡ ᠲᠡᠷᠡ ᠨᠢ ᠨᠢᠭᠡ ᠦᠨᠳᠦᠰᠦᠲᠡᠨ ᠦ ᠭᠦᠨ ᠤᠬᠠᠭᠠᠨ ᠤ ᠦᠵᠡᠯ ᠰᠠᠨᠠᠭ᠎ᠠ ᠶᠢ ᠣᠢ᠌ᠯᠠᠭᠠᠬᠤ ᠪᠠ ᠰᠤᠳᠤᠯᠬᠤ᠂ ᠨᠡᠩ ᠳᠡᠭᠡᠳᠦ ᠵᠡᠷᠭᠡ ᠶᠢᠨ ᠰᠢᠨᠵᠢᠯᠡᠬᠦ ᠤᠬᠠᠭᠠᠨᠴᠢ ᠶᠢᠷᠲᠢᠨᠴᠦ ᠶᠢᠨ ᠦᠵᠡᠯᠲᠡ ᠶᠢ ᠣᠯᠠᠨ ᠲᠦᠮᠡᠨ ᠳᠦ ᠡᠵᠡᠮᠰᠢᠭᠦᠯᠬᠦ ᠳᠦ ᠪᠦᠷ ᠤᠮᠳᠤᠭᠠᠢ᠌ᠯᠠᠵᠤ ᠪᠤᠯᠤᠰᠢ ᠦᠭᠡᠢ ᠴᠢᠬᠤᠯᠠ ᠠᠴᠢ ᠬᠤᠯᠪᠤᠭᠳᠠᠯ ᠲᠠᠢ ᠶᠤᠮ᠃ ᠠᠷᠠᠳ ᠤᠨ ᠠᠮᠠᠨ ᠵᠤᠬᠢᠶᠠᠯ ᠪᠠ ᠤᠷᠠᠯᠢᠭ ᠤᠨ ᠪᠦᠲᠦᠭᠡᠯ ᠳᠡᠬᠢ ᠭᠦᠨ ᠤᠬᠠᠭᠠᠨ ᠤ ᠦᠵᠡᠯ ᠰᠠᠨᠠᠭ᠎ᠠ ᠶᠢ ᠬᠢᠨᠠᠮᠠᠭᠠᠢ ᠰᠤᠳᠤᠯᠬᠤ ᠶᠠᠪᠤᠳᠠᠯ ᠪᠤᠯ ᠮᠣᠩ᠋ᠭᠤᠯ ᠦᠨᠳᠦᠰᠦᠲᠡᠨ ᠦ ᠭᠦᠨ ᠤᠬᠠᠭᠠᠨ ᠤ ᠦᠵᠡᠯ ᠰᠠᠨᠠᠭ᠎ᠠ ᠶᠢ ᠰᠤᠳᠤᠯᠤᠭᠴᠢᠳ ᠤᠨ ᠡᠮᠦᠨ᠎ᠡ ᠲᠤᠯᠭᠠᠷᠠᠵᠤ ᠪᠠᠢ᠌ᠭ᠎ᠠ ᠴᠢᠬᠤᠯᠠ ᠰᠡᠳᠦᠪ ᠦᠨ ᠨᠢᠭᠡ ᠪᠤᠤ ᠶᠤᠮ ᠭᠡᠰᠡᠨ ᠦᠵᠡᠯᠲᠡ ᠶᠢ ᠳᠤᠷᠠᠳᠤᠭᠰᠠᠨ ᠪᠦᠭᠡᠳ ᠠᠷᠠᠳ ᠤᠨ ᠠᠮᠠᠨ ᠵᠤᠬᠢᠶᠠᠯ ᠤᠨ ᠭᠦᠨ ᠤᠬᠠᠭᠠᠨ ᠤ ᠦᠵᠡᠯ ᠰᠠᠨᠠᠭ᠎ᠠ ᠪᠤᠯᠤᠨ ᠣᠨᠣᠯᠵᠢᠭᠰᠠᠨ ᠭᠦᠨ ᠤᠬᠠᠭᠠᠨ ᠤ ᠢᠯᠭᠠᠭ᠎ᠠ ᠪᠠ ᠬᠤᠯᠪᠤᠭ᠎ᠠ᠂ ᠵᠢᠴᠢ ᠠᠷᠠᠳ ᠤᠨ ᠠᠮᠠᠨ ᠵᠤᠬᠢᠶᠠᠯ ᠤᠨ ᠭᠦᠨ ᠤᠬᠠᠭᠠᠨ ᠤ ᠦᠨ᠎ᠡ ᠴᠠᠨ᠎ᠠ ᠬᠢᠭᠡᠳ ᠭᠦᠨ ᠤᠬᠠᠭᠠᠨ ᠤ ᠦᠵᠡᠯ ᠰᠠᠨᠠᠭᠠᠨ ᠤ ᠰᠤᠳᠤᠯᠤᠯ ᠳᠠᠬᠢ ᠪᠠᠢ᠌ᠷᠢ ᠰᠠᠭᠤᠷᠢ ᠵᠡᠷᠭᠡ ᠶᠢ ᠰᠢᠨᠵᠢᠯᠡᠭᠰᠡᠨ ᠪᠠᠢ᠌ᠨ᠎ᠠ᠃
Original Literature No Original Paper
出自 内蒙古大学学报 1999年 第2期

联系我们


内蒙古大学图书馆
呼和浩特市大学西路235号
中国·内蒙古
P: (0471) 4992561
E: huangfeilong@imu.edu.cn