Paper Information


Title ᠰᠢᠨ᠎ᠡ ᠶᠢ ᠡᠭᠦᠳᠬᠦ ᠪᠡ ᠬᠦᠭ᠍ᠵᠢᠯᠲᠡ ᠶᠢ ᠭᠦᠨ ᠤᠬᠠᠭᠠᠨ ᠤ ᠲᠠᠯ᠎ᠠ ᠠᠴᠠ ᠰᠡᠳᠬᠢᠬᠦ ᠨᠢ
Creator ᠪᠠᠶᠠᠨᠳᠡᠯᠭᠡᠷ
Keyword ᠰᠢᠨ᠎ᠡ ᠶᠢ ᠡᠭᠦᠳᠬᠦ; ᠦᠵᠡᠯ ᠰᠠᠨᠠᠭ᠎ᠠ ᠪᠠᠨ ᠴᠢᠯᠦᠭᠡᠯᠡᠬᠦ; ᠦᠨᠡᠨ ᠡᠴᠡ ᠵᠦᠪ ᠢ ᠡᠷᠢᠬᠦ; ᠴᠠᠭ ᠦᠶ᠎ᠡ ᠶᠢ ᠳᠠᠭᠠᠨ ᠪᠦᠬᠦ ᠲᠠᠯ᠎ᠠ ᠪᠠᠷ ᠤᠷᠤᠭᠰᠢᠯᠠᠬᠤ
Abstract ᠰᠢᠨ᠎ᠡ ᠶᠢ ᠡᠭᠦᠳᠬᠦ ᠪᠤᠯ ᠬᠦᠮᠦᠨ ᠲᠦᠷᠦᠯᠬᠢᠲᠡᠨ ᠦ ᠨᠡᠢ᠌ᠭᠡᠮ ᠦᠨ ᠳᠠᠪᠰᠢᠯᠲᠠ ᠶᠢᠨ ᠬᠦᠳᠡᠯᠭᠡᠬᠦ ᠬᠦᠴᠦᠨ ᠮᠦᠨ᠃ ᠬᠦᠮᠦᠨ ᠲᠷᠦᠯᠬᠢᠲᠡᠨ ᠦ ᠨᠡᠢ᠌ᠭᠡᠮ ᠳᠤᠤᠷᠠᠲᠤ ᠵᠡᠷᠭᠡ ᠡᠴᠡ ᠳᠡᠭᠡᠳᠦ ᠵᠡᠷᠭᠡ ᠶᠢᠨ ᠨᠡᠢ᠌ᠭᠡᠮ ᠦᠨ ᠬᠡᠯᠪᠡᠷᠢ ᠳᠦ ᠬᠦᠷᠬᠦ ᠬᠦᠭ᠍ᠵᠢᠯᠲᠡ᠂ ᠨᠡᠢ᠌ᠭᠡᠮ ᠦᠨ ᠦᠢᠯᠡᠳᠪᠦᠷᠢᠯᠡᠯ ᠦᠨ ᠬᠦᠴᠦᠨ ᠦ ᠳᠡᠭᠡᠭ᠍ᠰᠢᠯᠡᠯᠲᠡ᠂ ᠬᠦᠮᠦᠨ ᠲᠦᠷᠦᠯᠬᠢᠲᠡᠨ ᠦ ᠪᠤᠯᠪᠠᠰᠤᠨ ᠤ ᠬᠤᠪᠢᠰᠤᠯᠲᠠ ᠨᠢ ᠪᠦᠷ ᠰᠢᠨ᠎ᠡ ᠶᠢ ᠲᠠᠰᠤᠷᠠᠯᠲᠠ ᠦᠭᠡᠢ ᠡᠭᠦᠳᠦᠨ ᠪᠦᠲᠦᠭᠡᠭ᠍ᠰᠡᠨ ᠦ ᠦᠶ᠎ᠡ ᠪᠦᠲᠦᠭᠡᠯ ᠪᠤᠯᠬᠤ ᠶᠤᠮ᠃ ᠰᠢᠨ᠎ᠡ ᠶᠢ ᠡᠭᠦᠳᠬᠦ ᠪᠤᠯ ᠠᠵᠤ ᠠᠬᠤᠢ ᠶᠢᠨ ᠬᠦᠭ᠍ᠵᠢᠯᠲᠡ ᠶᠢᠨ ᠳᠤᠲᠤᠭᠠᠳᠤ ᠬᠦᠳᠡᠯᠭᠡᠬᠦ ᠬᠦᠴᠦᠨ ᠮᠦᠨ᠂ ᠰᠢᠨ᠎ᠡ ᠶᠢ ᠡᠭᠦᠳᠬᠦ ᠪᠤᠯ ᠰᠢᠨᠵᠢᠯᠡᠬᠦ ᠤᠬᠠᠭᠠᠨᠲᠠᠨ᠂ ᠤᠯᠤᠰ ᠲᠦᠷᠦᠴᠢᠨ᠂ ᠠᠵᠤ ᠠᠬᠤᠢ᠌ᠯᠠᠯᠲᠠᠨ ᠤ ᠣᠯᠵᠤ ᠮᠡᠳᠡᠬᠦ ᠬᠦᠷᠢᠶ᠎ᠡ ᠬᠡᠪᠴᠢᠶᠡᠨ ᠦ ᠥᠭᠡᠳᠡ ᠤᠷᠤᠭᠰᠢᠯᠠᠬᠤ ᠶᠢᠨ ᠪᠦᠲᠦᠭᠡᠯᠴᠢ ᠴᠢᠨᠠᠷᠲᠠᠢ ᠠᠵᠢᠯᠯᠠᠭ᠎ᠠ ᠮᠦᠨ᠃ ᠭᠠᠭᠴᠠ ᠬᠦ 《ᠢᠯᠡᠷᠡᠭᠦᠯᠦᠯᠲᠡ᠂ ᠡᠭᠦᠳᠦᠯᠲᠡ᠂ ᠪᠦᠲᠦᠭᠡᠯᠲᠡ᠂ ᠤᠷᠤᠭᠰᠢᠯᠠᠯᠲᠠ ᠲᠠᠢ ᠪᠠᠢ᠌ᠬᠤ》ᠦᠢᠯᠡᠳᠦᠯᠭᠡ ᠶᠢᠨ ᠠᠵᠢᠯᠯᠠᠭ᠎ᠠ ᠪᠠᠢ᠌ᠪᠠᠯ ᠰᠠᠶᠢ ᠬᠦᠮᠦᠨ ᠲᠦᠷᠦᠯᠬᠢᠲᠡᠨ ᠦ ᠨᠡᠢ᠌ᠭᠡᠮ ᠦᠨ ᠦᠢᠯᠡᠳᠦᠯᠭᠡ ᠶᠢᠨ ᠮᠦᠨ ᠴᠢᠨᠠᠷ ᠢ ᠦᠨᠡᠨ ᠬᠦ ᠢᠯᠡᠷᠡᠭᠦᠯᠵᠦ᠂ ᠨᠡᠢ᠌ᠭᠡᠮ ᠦᠨ ᠤᠷᠤᠭᠰᠢᠯᠠᠯᠲᠠ ᠶᠢᠨ ᠬᠦᠳᠡᠯᠭᠡᠬᠦ ᠬᠦᠴᠦᠨ ᠪᠤᠯᠵᠤ᠂ ᠰᠢᠨ᠎ᠡ ᠶᠢ ᠡᠭᠦᠳᠬᠦ ᠳᠦ ᠲᠤᠭᠠᠴᠠᠭᠳᠠᠨ᠎ᠠ᠃ ᠰᠢᠨ᠎ᠡ ᠶᠢ ᠡᠭᠦᠳᠬᠦ ᠪᠤᠯ ᠬᠦᠭ᠍ᠵᠢᠯᠲᠡ ᠮᠦᠨ ᠪᠦᠭᠡᠳ ᠵᠠᠯᠭᠠᠮᠵᠢᠯᠠᠯ ᠮᠦᠨ᠃
Original Literature View Original Paper
出自 内蒙古社会科学(蒙文版) 2005年 第3期

联系我们


内蒙古大学图书馆
呼和浩特市大学西路235号
中国·内蒙古
P: (0471) 4992561
E: huangfeilong@imu.edu.cn