Paper Information


Title ᠳᠡᠭᠡᠳᠦ ᠮᠣᠩᠭᠤᠯ ᠤᠨ ᠠᠷᠠᠳ ᠤᠨ ᠠᠮᠠᠨ ᠵᠤᠬᠢᠶᠠᠯ ᠤᠨ ᠪᠦᠷᠢᠯᠳᠦᠯ ᠪᠡ ᠬᠦᠭᠵᠢᠯ
Creator ᠲᠠᠩᠭᠢᠰ
Keyword
Abstract ᠳᠡᠭᠡᠳᠦ ᠮᠣᠩᠭᠤᠯ ᠤᠨ ᠠᠷᠠᠳ ᠤᠨ ᠠᠮᠠᠨ ᠵᠤᠬᠢᠶᠠᠯ ᠳᠤ ᠨᠡᠢᠲᠡ ᠮᠣᠩᠭᠤᠯ ᠤᠨ ᠠᠷᠠᠳ ᠤᠨ ᠠᠮᠠᠨ ᠵᠤᠬᠢᠶᠠᠯ ᠤᠨ ᠴᠢᠬᠤᠯᠠ ᠨᠢᠭᠡᠨ ᠪᠦᠷᠢᠯᠳᠦᠭᠦᠨ ᠬᠡᠰᠡᠭ ᠮᠦᠨ᠃ ᠲᠡᠭᠦᠨ ᠦ ᠪᠦᠷᠢᠯᠳᠦᠵᠦ ᠬᠦᠭᠵᠢᠭᠰᠡᠨ ᠵᠠᠮ ᠮᠦᠷ ᠨᠢ ᠦᠪᠡᠷᠮᠢᠴᠡ ᠨᠦᠬᠦᠴᠡᠯ ᠪᠡ ᠣᠨᠴᠠᠯᠢᠭ ᠠᠴᠠ ᠰᠢᠯᠲᠠᠭ᠋ᠠᠯᠠᠭᠳᠠᠭᠰᠠᠨ ᠨᠢ ᠪᠤᠰᠤᠳᠴᠢ ᠬᠡᠷᠡᠭ ᠶᠤᠮ᠃ ᠲᠤᠰ ᠦᠭᠦᠯᠡᠯ ᠳᠦ ᠨᠡᠢᠭᠡᠮ ᠵᠦᠢ᠂ ᠤᠷᠠᠨ ᠵᠤᠬᠢᠶᠠᠯ ᠤᠨ ᠬᠠᠷᠢᠴᠠᠭ᠋ᠤᠯᠤᠯ ᠵᠦᠢ᠂ ᠰᠤᠶᠤᠯ ᠵᠦᠢ ᠶᠢᠨ ᠲᠠᠯ᠎ᠠ ᠠᠴᠠ ᠣᠨ᠋ᠣᠯ ᠤᠨ ᠦᠨᠳᠦᠰᠦ ᠲᠡᠢ ᠪᠡᠷ ᠳᠡᠭᠡᠳᠦ ᠮᠣᠩᠭᠤᠯ ᠤᠨ ᠠᠷᠠᠳ ᠤᠨ ᠠᠮᠠᠨ ᠵᠤᠬᠢᠶᠠᠯ ᠤᠨ ᠪᠦᠷᠢᠯᠳᠦᠯ ᠬᠦᠭᠵᠢᠯ ᠦᠨ ᠠᠰᠠᠭ᠋ᠤᠳᠠᠯ ᠢ ᠦᠭᠦᠯᠡᠨ ᠨᠤᠲᠠᠯᠠᠵᠠᠢ᠃ ᠡᠭᠦᠨ ᠳᠦ᠄ (1) ᠳᠡᠭᠡᠳᠦ ᠮᠣᠩᠭᠤᠯ ᠤᠨ ᠨᠡᠢᠭᠡᠮ ᠦᠨ ᠪᠠᠢᠭ᠋ᠤᠯᠤᠯ ᠪᠠ ᠳᠡᠭᠡᠳᠦ ᠮᠣᠩᠭᠤᠯ ᠤᠨ ᠠᠷᠠᠳ ᠤᠨ ᠠᠮᠠᠨ ᠵᠤᠬᠢᠶᠠᠯ; (2) ᠳᠡᠭᠡᠳᠦ ᠮᠣᠩᠭᠤᠯ ᠤᠨ ᠦᠢᠯᠡᠳᠪᠦᠷᠢᠯᠡᠯ ᠦᠨ ᠬᠡᠯᠪᠡᠷᠢ ᠪᠡ ᠳᠡᠭᠡᠳᠦ ᠮᠣᠩᠭᠤᠯ ᠤᠨ ᠠᠷᠠᠳ ᠤᠨ ᠠᠮᠠᠨ ᠵᠤᠬᠢᠶᠠᠯ; (3) ᠳᠡᠭᠡᠳᠦ ᠮᠣᠩᠭᠤᠯ ᠤᠨ ᠪᠠᠢᠭ᠋ᠠᠯᠢ ᠶᠢᠨ ᠣᠷᠴᠢᠨ ᠲᠤᠭ᠋ᠤᠷᠢᠨ ᠪᠠ ᠳᠡᠭᠡᠳᠦ ᠮᠣᠩᠭᠤᠯ ᠤᠨ ᠠᠷᠠᠳ ᠤᠨ ᠠᠮᠠᠨ ᠵᠤᠬᠢᠶᠠᠯ; (4) ᠪᠤᠰᠤᠳ ᠦᠨᠳᠦᠰᠦᠲᠡᠨ ᠦ ᠤᠷᠠᠨ ᠵᠤᠬᠢᠶᠠᠯ ᠤᠨ ᠨᠦᠯᠦᠭᠡ ᠪᠡ ᠳᠡᠭᠡᠳᠦ ᠮᠣᠩᠭᠤᠯ ᠤᠨ ᠠᠷᠠᠳ ᠤᠨ ᠠᠮᠠᠨ ᠵᠤᠬᠢᠶᠠᠯ; (5) ᠦᠨᠳᠦᠰᠦᠲᠡᠨ ᠦ ᠤᠳᠤᠮᠰᠢᠯᠲᠤ ᠰᠤᠶᠤᠯ ᠪᠠ ᠳᠡᠭᠡᠳᠦ ᠮᠣᠩᠭᠤᠯ ᠤᠨ ᠠᠷᠠᠳ ᠤᠨ ᠠᠮᠠᠨ ᠵᠤᠬᠢᠶᠠᠯ ᠭᠡᠬᠦ ᠲᠠᠪᠤᠨ ᠬᠡᠰᠡᠭ ᠢᠶᠡᠷ ᠰᠢᠷᠬᠡᠭᠴᠢᠯᠡᠨ ᠦᠭᠦᠯᠡᠪᠡ᠃
Original Literature No Original Paper
出自 内蒙古民族大学学报(社会科学) 1994年 第2期

联系我们


内蒙古大学图书馆
呼和浩特市大学西路235号
中国·内蒙古
P: (0471) 4992561
E: huangfeilong@imu.edu.cn