Paper Information


Title ᠠᠯᠲᠠᠨ ᠬᠠᠭᠠᠨ ᠤ ᠬᠠᠤᠯᠢ ᠴᠠᠭᠠᠵᠠ ᠶᠢᠨ ᠦᠵᠡᠯ ᠰᠠᠨᠠᠭ᠎ᠠ ᠶᠢ ᠦᠭᠦᠯᠡᠬᠦ ᠨᠢ
Creator ᠪᠤᠤ ᠴᠢᠩ ᠱᠠᠨ; ᠠᠷᠢᠭᠤᠨ
Keyword ᠠᠯᠲᠠᠨ ᠬᠠᠭᠠᠨ; ᠬᠠᠤᠯᠢ ᠴᠠᠭᠠᠵᠠ ᠶᠢᠨ ᠤᠨᠤᠯ; 《ᠬᠠᠤᠯᠢ ᠪᠠᠷ ᠵᠠᠰᠠᠵᠤ᠂ ᠨᠡᠶᠢᠭᠡᠮ ᠢ ᠲᠦᠰᠢᠷᠡᠭᠦᠯᠵᠦ᠂ ᠠᠷᠠᠳ ᠢ ᠠᠮᠤᠷᠵᠢᠭᠤᠯᠬᠤ》
Abstract ᠠᠯᠲᠠᠨ ᠬᠠᠭᠠᠨ ᠤ ᠠᠮᠢᠳᠤᠷᠠᠵᠤ ᠪᠠᠶᠢᠭᠰᠠᠨ ᠴᠠᠭ ᠦᠶ᠎ᠡ ᠪᠤᠯ ᠤᠮᠠᠷᠠᠲᠤ ᠶᠤᠸᠠᠨ ᠤᠯᠤᠰ ᠤᠨ ᠵᠢᠷᠭᠤᠭᠠᠨ ᠲᠦᠮᠡᠨ ᠮᠣᠩᠭᠣᠯ ᠤᠨ ᠦᠶ᠎ᠡ ᠪᠢᠯᠡ᠃ ᠲᠤᠬᠠᠢ ᠶᠢᠨ ᠦᠶ᠎ᠡ ᠶᠢᠨ ᠮᠣᠩᠭᠣᠯ ᠤᠷᠤᠨ ᠤ ᠨᠡᠶᠢᠭᠡᠮ ᠨᠢ ᠠᠮᠤᠷ ᠲᠦᠪᠰᠢᠨ ᠪᠢᠰᠢ᠂ ᠠᠵᠤ ᠠᠬᠤᠢ ᠬᠦᠭ᠍ᠵᠢᠭᠡ ᠦᠭᠡᠢ᠂ ᠬᠤᠪᠢ ᠵᠢᠷᠭᠡᠯᠡᠳᠡᠭᠡ ᠠᠶᠢᠮᠠᠭ ᠪᠠ ᠤᠯᠤ ᠦᠨᠳᠦᠰᠦᠲᠡᠨ ᠦ ᠬᠠᠷᠢᠴᠠᠭ᠎ᠠ ᠴᠤ ᠲᠡᠳᠦᠢ ᠡᠪ ᠨᠠᠶᠢᠷᠠᠮᠳᠠᠯ ᠲᠠᠢ ᠪᠢᠰᠢ ᠶᠤᠮ᠃ ᠡᠶᠢᠮᠦ ᠪᠠᠢᠳᠠᠯ ᠳᠤᠤᠷ᠎ᠠ᠂ ᠠᠯᠲᠠᠨ ᠬᠠᠭᠠᠨ 《ᠬᠤᠪᠢᠯᠠᠢ ᠬᠠᠭᠠᠨ ᠢ ᠳᠠᠭᠤᠷᠢᠶᠠᠨ᠂ ᠬᠤᠶᠠᠷ ᠶᠤᠰᠤᠨ ᠢ ᠲᠡᠭᠰᠢ ᠶᠠᠪᠤᠭᠤᠯᠵᠤ᠂ ᠡᠵᠡᠷᠬᠡᠭ᠌ ᠲᠦᠷᠦ ᠶᠢ ᠴᠤᠭᠴᠠᠯᠠᠬᠤ》ᠭᠡᠰᠡᠨ ᠤᠯᠤᠰ ᠲᠦᠷᠦ ᠶᠢᠨ ᠬᠦᠳᠦᠯᠪᠦᠷᠢ ᠪᠡᠨ ᠳᠤᠷᠠᠳᠴᠤ᠂ ᠮᠦᠨ ᠡᠨᠡ ᠬᠦ ᠱᠠᠰᠢᠨ ᠲᠦᠷᠦ ᠨᠢᠭᠡᠲᠦᠭᠰᠡᠨ ᠡᠵᠡᠨᠲᠦ ᠶᠤᠰᠤ ᠪᠠᠨ ᠪᠡᠬᠢᠵᠢᠭᠦᠯᠵᠦ ᠬᠦᠭ᠍ᠵᠢᠭᠦᠯᠬᠦ ᠶᠢᠨ ᠲᠦᠯᠦᠭᠡ ᠠᠯᠢ ᠤᠯᠠᠨ ᠬᠠᠤᠯᠢ ᠴᠠᠭᠠᠵᠠ ᠶᠢᠨ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠠᠪᠴᠤ᠂ ᠡᠳᠦᠢ ᠲᠡᠳᠦᠢ ᠬᠠᠤᠯᠢ ᠴᠠᠭᠠᠵᠠ ᠵᠠᠷᠯᠠᠭᠰᠠᠨ ᠪᠠᠶᠢᠨ᠎ᠠ᠃ ᠡᠭᠦᠨ ᠳᠦ ᠭᠤᠤᠯᠳᠠᠭᠤᠤ᠄ 1. 1578 ᠤᠨ ᠤ ᠴᠠᠪᠴᠢᠶᠠᠯ ᠰᠦᠮ᠎ᠡ ᠶᠢᠨ ᠶᠡᠬᠡ ᠴᠢᠭᠤᠯᠭᠠᠨ ᠳᠡᠭᠡᠷ᠎ᠡ 《ᠠᠷᠪᠠᠨ ᠪᠤᠶᠠᠨᠲᠤ ᠨᠤᠮ ᠤᠨ ᠴᠠᠭᠠᠵᠠ》᠋ ᠶᠢ ᠲᠤᠭᠲᠠᠭᠠᠵᠤ ᠪᠦᠬᠦ ᠮᠣᠩᠭᠣᠯ ᠳᠤ ᠵᠠᠷᠯᠠᠵᠠᠢ᠃ 2. 1578 - 1582 ᠤᠨ ᠤ ᠬᠤᠭᠤᠷᠤᠨᠲᠤ ᠪᠠᠷᠠᠭᠤᠨ ᠭᠤᠷᠪᠠᠨ ᠲᠦᠮᠡᠨ ᠦ ᠨᠤᠶᠠᠳ ᠤᠨ ᠬᠤᠷᠠᠯ ᠢᠶᠠᠷ 《ᠠᠯᠲᠠᠨ ᠬᠠᠭᠠᠨ ᠤ ᠴᠠᠭᠠᠵᠠ》᠋ ᠶᠢ ᠲᠤᠭᠲᠠᠭᠠᠵᠠᠢ᠃ 3. 1571 ᠤᠨ ᠳᠤ ᠮᠢᠩ ᠤᠯᠤᠰ ᠯᠤᠭ᠎ᠠ ᠭᠡᠷ᠎ᠡ ᠲᠤᠭᠲᠠᠵᠤ᠂ 《ᠠᠯᠲᠠᠨ ᠬᠠᠭᠠᠨ ᠤ ᠬᠢᠯᠢ ᠶᠢᠨ ᠴᠠᠭᠠᠵᠠ》᠋ ᠶᠢ ᠲᠤᠭᠲᠠᠭᠠᠵᠤ᠂ 1578 ᠤᠨ ᠳᠤ ᠨᠦᠬᠦᠪᠦᠷᠢᠯᠡᠨ ᠲᠤᠭᠲᠠᠭᠠᠵᠠᠢ᠃ ᠡᠳᠡᠭᠡᠷ ᠬᠠᠤᠯᠢ ᠲᠤᠭᠲᠠᠭᠠᠬᠤ ᠠᠵᠢᠯᠯᠠᠭ᠎ᠠ ᠪᠠᠷ ᠳᠠᠮᠵᠢᠭᠤᠯᠵᠤ᠂ ᠰᠢᠨ᠎ᠡ ᠵᠠᠰᠠᠭ ᠤᠨ ᠱᠠᠰᠢᠨ᠂ ᠲᠦᠷᠦ᠂ ᠠᠷᠠᠯᠵᠢᠶ᠎ᠠ ᠵᠡᠷᠭᠡ ᠲᠠᠯ᠎ᠠ ᠶᠢᠨ ᠬᠠᠤᠯᠢ ᠴᠠᠭᠠᠵᠠ ᠶᠢᠨ ᠰᠢᠰᠲ᠋ᠧᠮ ᠢ ᠪᠦᠷᠢᠯᠳᠦᠭᠦᠯᠦᠭᠰᠡᠨ ᠦ ᠬᠠᠮᠲᠤ ᠬᠠᠤᠯᠢ ᠴᠠᠭᠠᠵᠠ ᠶᠢᠨ ᠦᠵᠡᠯ ᠰᠠᠨᠠᠭ᠎ᠠ ᠪᠠᠨ ᠲᠤᠤᠱᠯᠠᠭᠤᠯᠵᠠᠢ᠃
Original Literature View Original Paper
出自 内蒙古社会科学(蒙文版) 2006年 第4期

联系我们


内蒙古大学图书馆
呼和浩特市大学西路235号
中国·内蒙古
P: (0471) 4992561
E: huangfeilong@imu.edu.cn