Paper Information


Title ᠮᠣᠩᠭᠤᠯ ᠪᠦᠬᠡᠴᠢᠳ ᠦᠨ ᠪᠠᠷᠢᠯᠳᠤᠭᠠᠨ ᠠᠴᠠ ᠡᠮᠦᠨᠡᠬᠢ ᠰᠠᠨᠳᠤᠷᠬᠤ ᠪᠠ ᠡᠷᠡᠭᠡᠯᠵᠡᠬᠦ ᠰᠡᠳᠬᠢᠴᠡ ᠶᠢᠨ ᠲᠤᠬᠠᠢ
Creator ᠲᠠᠰᠢᠰᠦ᠋ᠷᠦᠩ
Keyword ᠪᠦᠬᠡᠴᠢᠳ; ᠰᠠᠨᠳᠤᠷᠬᠤ; ᠡᠷᠡᠭᠡᠯᠵᠡᠬᠦ; ᠰᠡᠳᠬᠢᠴᠡ ᠵᠦᠢ
Abstract ᠰᠡᠳᠬᠢᠴᠡ ᠶᠢᠨ ᠪᠤᠯᠪᠠᠰᠤᠷᠠᠯ ᠪᠤᠯ ᠣᠳᠣ ᠦᠶ᠎ ᠡ ᠶᠢᠨ ᠣᠳᠣᠬᠢᠴᠢᠯᠠᠭᠰᠠᠨ ᠮᠡᠬᠡ ᠮᠡᠷᠭᠡᠵᠢᠯ ᠲᠡᠢ ᠲᠠᠮᠢᠷ ᠤᠨ ᠤᠷᠤᠯᠳᠤᠭᠠᠨ ᠤ ᠳᠤᠮᠳᠠᠬᠢ ᠬᠠᠮᠤᠭ ᠤᠨ ᠴᠢᠬᠤᠯᠠ ᠨᠢᠭᠡ ᠵᠤᠢᠯ ᠤᠨ ᠪᠤᠯᠪᠠᠰᠤᠷᠠᠯ ᠤᠨ ᠭᠤᠭᠴᠤᠭ᠎ᠠ ᠪᠤᠯᠬᠤ ᠶᠤᠮ᠃ ᠲᠡᠷᠡ ᠨᠢ ᠢᠯᠠᠯᠲᠠ ᠣᠯᠬᠤ ᠶᠢᠨ ᠭᠤᠤᠯ ᠠᠷᠭ᠎ᠠ ᠪᠠᠷᠢᠯ ᠪᠤᠯᠬᠤ ᠪᠦᠭᠡᠳ ᠤᠷᠤᠯᠳᠤᠭᠠᠨ ᠳᠤ ᠣᠷᠤᠯᠴᠠᠬᠤ ᠠᠴᠠ ᠡᠮᠦᠨᠡᠬᠢ ᠰᠠᠨᠳᠤᠷᠬᠤ ᠪᠠ ᠡᠷᠡᠭᠡᠯᠵᠡᠬᠦ ᠪᠠᠢᠳᠠᠯ ᠡᠭᠦᠰᠬᠦ ᠶᠢᠨ ᠰᠢᠯᠲᠠᠭᠠᠨ ᠳᠤ ᠵᠠᠳᠠᠯᠤᠯᠲᠠ ᠬᠢᠵᠦ᠂ ᠰᠡᠳᠬᠢᠴᠡ ᠶᠢᠨ ᠵᠦᠢ ᠶᠢᠨ ᠤᠷᠤᠯᠳᠤᠭᠠᠨ ᠠᠴᠠ ᠪᠤᠯᠤᠭᠰᠠᠨ ᠨᠦᠯᠦᠭᠡ ᠶᠢ ᠵᠢᠱᠢᠶ᠎ᠡ ᠲᠠᠲᠠᠨ ᠲᠠᠢᠯᠪᠤᠷᠢᠯᠠᠵᠤ ᠴᠢᠳᠠᠨ᠎ᠠ᠃ ᠠᠮᠢᠰᠬᠤᠭ᠎ᠠ ᠪᠠᠨ ᠲᠤᠬᠢᠷᠠᠭᠤᠯᠬᠤ ᠠᠷᠭ᠎ᠠ ᠪᠤᠯ ᠤᠷᠤᠯᠳᠤᠭᠠᠨ ᠠᠴᠠ ᠡᠮᠦᠨᠡᠬᠢ ᠰᠠᠨᠳᠤᠷᠬᠤ ᠪᠠ ᠡᠷᠡᠭᠡᠯᠵᠡᠬᠦ ᠪᠠᠢᠳᠠᠯ ᠢ ᠲᠡᠰᠪᠦᠷᠢᠯᠡᠬᠦ ᠶᠢᠨ ᠬᠠᠮᠤᠭ ᠤᠨ ᠦᠨᠳᠦᠰᠦᠨ ᠠᠷᠭ᠎ᠠ ᠶᠢᠨ ᠨᠢᠭᠡ ᠨᠢ ᠪᠤᠯᠬᠤ ᠶᠤᠮ᠃ ᠪᠦᠬᠡᠴᠢᠳ ᠡᠴᠡ ᠦᠩᠭᠡᠷᠡᠭᠰᠡᠨ ᠦ ᠢᠯᠠᠯᠲᠠ ᠣᠯᠣᠭᠰᠠᠨ ᠤᠷᠤᠯᠳᠤᠭᠠᠨ ᠤ ᠶᠠᠪᠤᠴᠠ ᠪᠠᠨ ᠡᠷᠭᠢᠴᠡᠭᠦᠯᠦᠨ ᠪᠤᠳᠤᠵᠤ ᠳᠤᠮᠳᠠ ᠠᠴᠠ ᠨᠢ ᠵᠤᠷᠢᠭᠵᠢᠭᠤᠯᠤᠯ ᠣᠯᠵᠤ᠂ ᠬᠦᠴᠦᠨ ᠴᠢᠳᠠᠯ ᠢᠴᠢ ᠵᠤᠷᠢᠭ ᠨᠢ ᠢᠲᠡᠭᠡᠯ ᠳᠦᠭᠦᠷᠡᠩ ᠪᠤᠯᠳᠠᠭ᠃ ᠪᠦᠬᠡᠴᠢᠳ ᠦᠨ ᠬᠦᠰᠡᠯ ᠡᠡᠷᠡᠮᠡᠯᠵᠡᠯ ᠨᠢ ᠬᠡᠲᠦᠷᠬᠡᠢ ᠦᠨᠳᠦᠷ ᠪᠠᠢᠵᠤ ᠪᠤᠯᠬᠤ ᠦᠭᠡᠢ᠂ ᠦᠪᠡᠷ ᠦᠨ ᠪᠤᠳᠠᠲᠤ ᠪᠠᠢᠳᠠᠯ ᠢᠶᠠᠨ ᠦᠨᠳᠦᠰᠦᠯᠡᠨ ᠲᠡᠮᠡᠴᠬᠡᠦ ᠬᠠᠷᠠᠯᠲᠠ ᠪᠠᠨ ᠲᠤᠭᠲᠠᠭᠠᠵᠤ᠂ ᠬᠦᠳᠡᠯᠭᠡᠭᠡᠨ ᠦ ᠪᠤᠯᠪᠠᠰᠤᠷᠠᠯ ᠢᠶᠠᠷ ᠳᠠᠮᠵᠢᠨ ᠪᠦᠬᠡᠴᠢᠳ ᠦᠨ ᠰᠠᠨᠳᠤᠷᠬᠤ ᠪᠠ ᠡᠷᠡᠭᠡᠯᠵᠡᠬᠦ ᠰᠡᠳᠬᠢᠯᠭᠡ ᠶᠢ ᠨᠢ ᠨᠠᠮᠳᠠᠭᠤᠯᠵᠤ ᠤᠷᠤᠯᠳᠤᠭᠠᠨ ᠳᠤ ᠣᠷᠤᠯᠴᠠᠭᠤᠯᠤᠨ᠎ᠠ᠃ ᠲᠤᠰᠬᠠᠢ ᠴᠢᠨᠠᠷᠲᠠᠢ ᠰᠡᠳᠬᠢᠴᠡ ᠶᠢᠨ ᠪᠤᠯᠪᠠᠰᠤᠷᠠᠯ ᠨᠢ ᠪᠦᠬᠡᠴᠢᠳ ᠦᠨ ᠰᠠᠨᠳᠤᠷᠬᠤ ᠪᠠ ᠡᠷᠡᠭᠡᠯᠵᠡᠬᠦ ᠪᠠᠢᠳᠠᠯ ᠢ ᠠᠷᠢᠯᠭᠠᠨ᠂ ᠤᠷᠮ᠎ᠠ ᠵᠤᠷᠢᠭ ᠢ ᠨᠢ ᠲᠤᠭᠲᠠᠭᠤᠨ ᠪᠤᠯᠭᠠᠬᠤ ᠦᠢᠯᠡᠳᠦᠯ ᠲᠡᠢ᠃ ᠨᠢᠭᠡ ᠤᠳᠠᠭᠠᠨ ᠤ ᠤᠷᠤᠯᠳᠤᠭᠠᠨ ᠲᠡᠮᠡᠴᠡᠭᠡᠨ ᠦ ᠡᠴᠦᠰ ᠦᠨ ᠢᠯᠠᠵᠤ ᠢᠯᠠᠭᠳᠠᠬᠤ ᠨᠢ ᠴᠤᠷᠢ ᠶᠢᠨ ᠭᠠᠭᠴᠠ ᠪᠡᠶ᠎ᠡ ᠲᠠᠮᠢᠷ ᠤᠨ ᠬᠡᠪ ᠴᠢᠨᠠᠷ ᠪᠠ ᠮᠡᠷᠭᠡᠵᠢᠯ ᠦᠨ ᠲᠠᠯ᠎ᠠ ᠶᠢᠨ ᠵᠦᠷᠢᠶ᠎ᠡ ᠪᠢᠰᠢ᠂ ᠬᠠᠷᠢᠨ ᠲᠡᠷᠡ ᠨᠢ ᠵᠤᠬᠢᠬᠤ ᠬᠡᠮᠵᠢᠶᠡᠨ ᠳᠦ ᠪᠦᠬᠡᠴᠢᠳ ᠦᠨ ᠰᠡᠳᠬᠢᠴᠡ ᠶᠢᠨ ᠬᠡᠪ ᠴᠢᠨᠠᠷ ᠢᠶᠠᠷ ᠲᠤᠭᠲᠠᠭᠠᠭᠳᠠᠳᠠᠭ ᠶᠤᠮ᠃
Original Literature No Original Paper
出自 内蒙古民族大学学报(自然科学) 2015年 第2期

联系我们


内蒙古大学图书馆
呼和浩特市大学西路235号
中国·内蒙古
P: (0471) 4992561
E: huangfeilong@imu.edu.cn