Paper Information


Title ᠰᠠᠢ᠌ᠴᠤᠩᠭ᠋᠎ᠠ ᠪᠤᠯᠤᠨ ᠯᠦ ᠰᠢᠶᠦ᠋ᠨ ᠤ ᠶᠠᠫᠤᠨ ᠳᠤ ᠰᠤᠷᠤᠯᠴᠠᠭ᠎ᠠ ᠦᠶ᠎ᠡ ᠶᠢᠨ ᠠᠷᠠᠳᠴᠢᠯᠠᠭᠰᠠᠨ ᠦᠵᠡᠯ ᠰᠠᠨᠠᠭ᠎ᠠ ᠶᠢ ᠬᠠᠷᠢᠴᠠᠭᠤᠯᠤᠨ ᠰᠢᠨᠵᠢᠯᠡᠬᠦ ᠨᠢ
Creator ᠴᠢᠩ ᠯᠦᠩ
Keyword ᠰᠠᠢ᠌ᠴᠤᠩᠭ᠋᠎ᠠ; ᠯᠦ ᠰᠢᠶᠦ᠋ᠨ; ᠶᠠᠫᠤᠨ ᠳᠤ ᠰᠤᠷᠤᠯᠴᠠᠭ᠎ᠠ ᠦᠶ᠎ᠡ; ᠠᠷᠠᠳᠴᠢᠯᠠᠭᠰᠠᠨ ᠦᠵᠡᠯ ᠤᠨ ᠴᠦᠮ᠎ᠡ; ᠰᠡᠭᠡᠭᠡᠷᠡᠭᠦᠯᠬᠦ ᠦᠵᠡᠯ ᠰᠠᠨᠠᠭ᠎ᠠ
Abstract ᠶᠠᠫᠤᠨ ᠳᠤ ᠰᠤᠷᠤᠯᠴᠠᠭ᠎ᠠ ᠦᠶ᠎ᠡ ᠶᠢᠨ ᠰᠠᠢ᠌ᠴᠤᠩᠭ᠋᠎ᠠ ᠪᠤᠯᠤᠨ ᠯᠦ ᠰᠢᠶᠦ᠋ᠨ ᠤ ᠦᠵᠡᠯ ᠰᠠᠨᠠᠭ᠎ᠠ ᠨᠢ ᠲᠤᠬᠠᠢ ᠶᠢᠨ ᠦᠶ᠎ᠡ ᠶᠢᠨ ᠬᠦᠭ᠍ᠵᠢᠭᠰᠡᠨ ᠶᠠᠫᠤᠨ ᠤ ᠨᠡᠢ᠌ᠭᠡᠮ ᠤᠨ ᠤᠯᠤᠰ ᠲᠦᠷᠦ᠂ ᠠᠵᠤ ᠠᠬᠤᠢ᠂ ᠰᠤᠶᠤᠯ ᠲᠡᠦᠬᠡ᠂ ᠤᠳᠬ᠎ᠠ ᠤᠷᠠᠯᠢᠭ᠂ ᠪᠠᠢ᠌ᠭᠠᠯᠢ ᠤᠷᠴᠢᠨ ᠤ ᠨᠦᠯᠦᠭᠡ ᠨᠡᠷᠪᠡᠭ᠍ᠳᠡᠯ ᠡᠴᠡ ᠪᠤᠯᠵᠤ ᠲᠦᠢᠯ ᠤᠨ ᠨᠠᠷᠢᠨ ᠪᠤᠳᠤᠯᠢᠶᠠᠨᠳᠠᠢ ᠮᠦᠷᠳᠡᠭᠡᠨ ᠤᠯᠠᠨ ᠲᠠᠯ᠎ᠠ ᠶᠢᠨ ᠰᠢᠨᠵᠢ ᠢᠯᠡᠷᠡᠯ ᠲᠠᠢ ᠪᠠᠢ᠌ᠭᠰᠠᠨ ᠶᠤᠮ᠃ ᠭᠡᠪᠡᠴᠦ ᠠᠷᠠᠳᠴᠢᠯᠠᠭᠰᠠᠨ ᠦᠵᠡᠯ ᠤᠨ ᠴᠦᠮ᠎ᠡ ᠲᠠᠢ ᠰᠡᠭᠡᠭᠡᠷᠡᠭᠦᠯᠬᠦ ᠦᠵᠡᠯ ᠰᠠᠨᠠᠭ᠎ᠠ ᠨᠢ ᠬᠤᠶᠠᠷ ᠵᠤᠬᠢᠶᠠᠯᠴᠢ ᠶᠢᠨ ᠲᠤᠬᠠᠢ ᠶᠢᠨ ᠦᠶ᠎ᠡ ᠶᠢᠨ ᠦᠵᠡᠯ ᠰᠠᠨᠠᠭᠠᠨ ᠤ ᠬᠢᠨᠢ ᠴᠢᠬᠤᠯᠠ ᠪᠠᠢ᠌ᠷᠢ ᠶᠢ ᠡᠵᠡᠯᠡᠵᠦ ᠪᠠᠢ᠌ᠪᠠ᠃ ᠦᠭᠦᠯᠡᠯ ᠳᠤ᠂ ᠰᠠᠢ᠌ᠴᠤᠩᠭ᠋᠎ᠠ ᠪᠤᠯᠤᠨ ᠯᠤ ᠰᠢᠶᠦ᠋ᠨ ᠤ ᠶᠠᠫᠤᠨ ᠳᠤ ᠰᠤᠷᠤᠯᠴᠠᠭ᠎ᠠ ᠦᠶ᠎ᠡ ᠳᠤ ᠪᠢᠴᠢᠭ᠍ᠰᠡᠨ ᠦᠭᠦᠯᠡᠯ ᠵᠤᠬᠢᠶᠠᠯ ᠶᠢᠡᠷ ᠨᠢ ᠦᠨᠳᠦᠰᠦ ᠪᠠᠷᠢᠮᠳᠠ ᠪᠤᠯᠭᠠᠨ ᠲᠡᠳᠡᠨᠦᠰ ᠤᠨ ᠲᠤᠬᠠᠢ ᠶᠢᠨ ᠦᠶ᠎ᠡ ᠶᠢᠨ ᠦᠵᠡᠯ ᠰᠠᠨᠠᠭᠠᠨ ᠤ ᠬᠢᠨᠢ ᠲᠦᠰᠦᠭᠡᠳᠡᠢ ᠤᠨᠴᠠᠯᠢᠭ ᠢ ᠬᠠᠷᠢᠴᠠᠭᠤᠯᠤᠨ ᠰᠢᠨᠵᠢᠯᠡᠪᠡ᠃
Original Literature No Original Paper
出自 内蒙古社会科学(蒙文版) 2002年 第2期

联系我们


内蒙古大学图书馆
呼和浩特市大学西路235号
中国·内蒙古
P: (0471) 4992561
E: huangfeilong@imu.edu.cn