Paper Information


Title ᠠᠵᠤ ᠠᠬᠤᠢ ᠶᠢᠨ ᠤᠬᠠᠭᠠᠨ ᠤ ᠬᠠᠷᠭᠠᠰᠤ ᠡᠴᠡ ᠦᠪᠦᠷ ᠮᠣᠩᠭᠤᠯ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠷᠭ᠎ᠠ ᠮᠠᠶᠢᠭ ᠤᠨ ᠬᠤᠪᠢᠷᠠᠯᠲᠠ ᠵᠢ ᠠᠵᠢᠭᠯᠠᠬᠤ ᠨᠢ
Creator ᠤᠷᠠᠨᠭᠡᠷᠡᠯ
Keyword ᠦᠪᠦᠷ ᠮᠣᠩᠭᠤᠯ; ᠨᠤᠲᠤᠭ ᠪᠡᠯᠴᠢᠭᠡᠷ; ᠦᠢᠯᠡᠳᠪᠦᠷᠢᠯᠡᠯ ᠤᠨ ᠠᠷᠭ᠎ᠠ ᠮᠠᠶᠢᠭ
Abstract ᠦᠪᠦᠷ ᠮᠣᠩᠭᠤᠯ ᠤᠨ ᠨᠤᠲᠤᠭ ᠪᠡᠯᠴᠢᠭᠡᠷ ᠤᠨ ᠲᠠᠴᠢᠷᠳᠠᠯ ᠵᠢᠴᠢ ᠮᠠᠯ ᠵᠠᠤ ᠠᠬᠤᠢ ᠶᠢᠨ ᠦᠢᠯᠡᠳᠪᠦᠷᠢᠯᠡᠯ ᠤᠨ ᠠᠷᠭ᠎ᠠ ᠮᠠᠶᠢᠭ ᠤᠨ ᠬᠤᠪᠢᠷᠠᠯᠲᠠ ᠪᠤᠯ ᠤᠯᠠᠨ ᠰᠣᠳᠤᠯᠤᠭᠠᠴᠢᠳ ᠤᠨ ᠠᠩᠬᠠᠷᠤᠯ ᠢ ᠲᠠᠲᠠᠭᠰᠠᠨ ᠨᠡᠢᠭᠡᠮ ᠤᠨ ᠬᠠᠯᠠᠮᠰᠢᠯ ᠠᠰᠠᠭᠤᠳᠠᠯ ᠤᠨ ᠨᠢᠭᠡ ᠶᠣᠮ᠃ ᠦᠭᠦᠯᠡᠯ ᠳ᠋ᠤ᠂ ᠮᠠᠯᠵᠢᠬᠤ ᠡᠷᠦᠭᠡ ᠪᠡᠷ ᠬᠦᠨᠵᠡᠭᠡᠢᠢᠷᠡᠨ᠂ ᠠᠳᠠᠯᠢ ᠪᠤᠰᠤ ᠬᠦᠮᠦᠰ  ᠤᠨ ᠨᠤᠲᠤᠭ ᠪᠡᠯᠴᠢᠭᠡᠷ ᠤᠨ ᠲᠠᠴᠢᠷᠳᠠᠯ ᠵᠢᠴᠢ ᠦᠢᠯᠡᠳᠪᠦᠷᠢᠯᠡᠯ ᠤᠨ ᠠᠷᠭ᠎ᠠ ᠮᠠᠶᠢᠭ ᠤᠨ ᠬᠤᠪᠢᠷᠠᠯᠲᠠ ᠶᠢᠨ ᠲᠤᠬᠠᠢ ᠪᠠᠶᠠᠴᠢ ᠦᠵᠡᠯᠲᠡ ᠪᠡᠷ ᠰᠣᠳᠤᠯᠭᠠᠨ ᠤ ᠴᠡᠭ ᠪᠤᠯᠭᠠᠵᠤ ᠰᠣᠳᠤᠯᠤᠭᠰᠠᠨ ᠤ ᠳ᠋ᠦᠩ ᠳ᠋ᠤ᠂ ᠦᠢᠯᠡᠳᠪᠦᠷᠢᠯᠡᠯ ᠤᠨ ᠠᠷᠭ᠎ᠠ ᠮᠠᠶᠢᠭ ᠤᠨ ᠬᠤᠪᠢᠷᠠᠯᠲᠠ ᠨᠢ ᠮᠠᠯᠴᠢᠳ ᠤᠨ ᠮᠡᠳᠡᠭᠳᠡᠮ ᠠ ᠲᠡᠭᠡᠭᠰᠢᠯᠡᠬᠦᠯᠦᠭᠰᠡᠨ ᠪᠤᠯᠪᠠᠴᠤ ᠨᠤᠲᠤᠭ ᠪᠡᠯᠴᠢᠭᠡᠷ ᠤᠨ ᠲᠠᠴᠢᠷᠳᠡᠯ ᠤᠨ ᠲᠠᠯ ᠠ ᠳ᠋ᠤ ᠨᠠᠵᠠᠭᠠᠢ ᠨᠦᠯᠦᠭᠡ ᠦᠢᠯᠡᠳᠦᠯ ᠲᠠᠢ ᠪᠠᠢᠵᠤ ᠬᠠᠮᠢᠶ ᠠ ᠪᠦᠬᠦᠢ ᠲᠦᠷᠦ ᠶᠢᠨ ᠪᠤᠳᠤᠯᠭ᠎ᠠ ᠶᠢᠨ ᠤᠨᠤᠴᠢᠲᠠᠢ ᠰᠢᠢᠳᠪᠦᠷᠢᠯᠡᠬᠦ ᠵᠢ ᠱᠠᠭᠠᠷᠳᠠᠵᠤ ᠪᠠᠢᠭ᠎ᠠ ᠵᠢ ᠤᠯᠵᠤ ᠮᠡᠳᠡᠵᠡᠢ᠃
Original Literature No Original Paper
出自 内蒙古社会科学(蒙文版) 2019年 第5期

联系我们


内蒙古大学图书馆
呼和浩特市大学西路235号
中国·内蒙古
P: (0471) 4992561
E: huangfeilong@imu.edu.cn