Paper Information


Title ᠤᠰᠤᠨ ᠪᠤᠳᠤᠭ ᠤᠨ ᠵᠢᠷᠤᠭ ᠤᠨ ᠭᠠᠵᠠᠷ ᠤᠷᠤᠨᠴᠢ ᠣᠨᠴᠠᠯᠢᠭ  ᠤᠨ ᠪᠦᠷᠢᠯᠳᠦᠯ ᠤᠨ ᠵᠠᠳᠠᠯᠠᠤᠯᠲᠠ
Creator ᠴᠠᠩ ᠴᠢᠩ
Keyword ᠤᠰᠤᠨ ᠪᠤᠳᠤᠭ ᠤᠨ ᠵᠢᠷᠤᠭ; ᠭᠠᠵᠠᠷ ᠤᠷᠤᠨᠴᠢ ᠪᠦᠷᠢᠯᠳᠦᠯ; ᠪᠠᠢᠭᠠᠯᠢᠯᠢᠭ ᠠᠨᠢᠰᠤ; ᠬᠦᠮᠦᠨ ᠰᠣᠶᠣᠯ ᠤᠨ ᠡᠯᠸᠮᠸᠨ᠋ᠲ
Abstract ᠤᠰᠤᠨ ᠪᠤᠳᠤᠭ ᠤᠨ ᠵᠢᠷᠤᠭ ᠪᠤᠯ ᠲᠤᠩᠭᠠᠯᠠᠭᠵᠢᠭᠤᠨ ᠵᠢᠷᠤᠬᠤ ᠠᠷᠭ᠎ᠠ ᠪᠡᠷ ᠪᠦᠬᠦᠯᠢ ᠴᠣᠭᠴᠠ ᠵᠢ ᠤᠷᠠᠯᠠᠵᠤ ᠪᠦᠲᠦᠭᠡᠭᠰᠡᠨ ᠤᠷᠠᠨ ᠵᠢᠷᠤᠭ ᠤᠨ ᠪᠡᠶ ᠠ ᠪᠠᠨ ᠲᠠᠭᠠᠭᠠᠭᠰᠠᠨ ᠨᠢᠭᠡ ᠲᠦᠷᠦᠯ ᠵᠦᠢᠯ ᠪᠤᠯᠬᠤ ᠶᠣᠮ᠃ ᠭᠠᠵᠠᠷ ᠤᠷᠤᠨᠴᠢ ᠣᠨᠴᠠᠯᠢᠭ ᠭᠡᠳᠡᠭ ᠨᠢ ᠪᠠᠢᠭᠠᠯᠢ᠂ ᠨᠡᠢᠭᠡᠮ᠂ ᠬᠦᠮᠦᠨ ᠭᠤᠷᠪᠠ ᠶᠢᠨ ᠠᠯᠢᠳᠤᠯᠢᠭ ᠠᠭᠤᠰᠤᠯᠴᠠᠯ ᠳ᠋ᠤ ᠲᠤᠭᠲᠠᠭᠠᠭᠰᠠᠨ ᠪᠠᠢᠭᠠᠯᠢ ᠭᠠᠵᠠᠷ ᠵᠦᠢ ᠶᠢᠨ ᠦᠪᠡᠷᠮᠢᠴᠡ ᠦᠩᠭᠡ ᠦᠵᠡᠮᠵᠢ᠂ ᠬᠦᠮᠦᠨ ᠨᠡᠢᠭᠡᠮ ᠤᠨ ᠤᠨᠴᠠᠭᠠᠢ ᠠᠬᠤᠢ ᠣᠷᠴᠢᠨ᠂ ᠠᠵᠤ ᠠᠬᠤᠢ ᠶᠢᠨ ᠤᠨᠳᠤᠤ ᠬᠡᠯᠪᠡᠷᠢ ᠮᠠᠶᠢᠭ ᠪᠠ ᠬᠦᠮᠦᠨ ᠤ ᠠᠮᠢᠳᠤᠷᠠᠯ ᠦᠢᠯᠡᠳᠪᠦᠷᠢᠯᠡᠯ ᠤᠨ ᠤᠯᠠᠮᠵᠢᠠᠯᠯᠲᠤ ᠬᠡᠪᠤ ᠵᠠᠩᠰᠢᠯ ᠵᠡᠷᠭᠡ ᠵᠢ ᠶᠡᠷᠦᠩᠬᠡᠢᠢᠯᠡᠨ ᠵᠢᠭᠠᠵᠤ ᠪᠤᠢ᠃ ᠭᠠᠵᠠᠷ ᠤᠷᠤᠨᠴᠢ ᠣᠨᠴᠠᠯᠢᠭ ᠨᠢ ᠤᠰᠤᠨ ᠪᠤᠳᠤᠭ ᠤᠨ ᠵᠢᠷᠤᠭ ᠤᠨ ᠰᠡᠳᠦᠪᠯᠡᠬᠦᠨ᠂ ᠠᠭᠤᠯᠭ᠎ᠠ ᠰᠠᠨᠠᠭ᠎ᠠ ᠵᠢᠴᠢ ᠢᠯᠡᠷᠡᠬᠦᠯᠬᠦ ᠠᠷᠭ᠎ᠠ ᠮᠠᠶᠢᠭ᠂ ᠵᠢᠷᠤᠭᠯᠠᠯ ᠤᠨ ᠤᠷ ᠠ ᠮᠡᠷᠭᠡᠵᠢᠯ ᠵᠡᠷᠭᠡ ᠤᠯᠠᠨ ᠲᠠᠯ ᠠ ᠵᠢ ᠬᠠᠮᠤᠷᠤᠨ ᠨᠦᠯᠦᠭᠡᠯᠡᠵᠦ ᠪᠠᠢᠭ᠎ᠠ ᠪᠦᠭᠡᠳ ᠤᠰᠤᠨ ᠪᠤᠳᠤᠭ ᠤᠨ ᠵᠢᠷᠤᠭ ᠨᠢ ᠴᠦ ᠭᠠᠠᠵᠷ ᠤᠷᠤᠨᠴᠢ ᠣᠨᠴᠠᠯᠢᠭ ᠢ ᠲᠤᠰᠬᠠᠨ ᠢᠯᠡᠷᠡᠬᠦᠯᠬᠦ ᠪᠡᠷ ᠦᠪᠡᠷ ᠤᠨ ᠦᠪᠡᠷᠮᠢᠴᠡ ᠰᠢᠨᠵᠢ ᠪᠠᠨ ᠪᠤᠯᠭᠠᠭᠰᠠᠨ ᠶᠣᠮ᠃ ᠤᠰᠤᠨ ᠪᠤᠳᠤᠭ ᠤᠨ ᠵᠢᠷᠤᠭ ᠤᠨ ᠦᠪᠡᠷ ᠤᠨ ᠬᠢᠨᠢ ᠬᠦᠭᠵᠢᠯᠲᠡ ᠶᠢᠨ ᠶᠠᠪᠤᠴᠠ ᠳ᠋ᠤ ᠲᠡᠬᠦᠨ ᠤ ᠭᠠᠵᠠᠷ ᠤᠷᠤᠨᠴᠢ ᠣᠨᠴᠠᠯᠢᠭ ᠨᠢ ᠪᠦᠷᠢᠯᠳᠦᠵᠦ ᠬᠦᠭᠵᠢᠵᠦ ᠢᠷᠡᠵᠡᠢ᠃
Original Literature No Original Paper
出自 内蒙古社会科学(蒙文版) 2019年 第5期

联系我们


内蒙古大学图书馆
呼和浩特市大学西路235号
中国·内蒙古
P: (0471) 4992561
E: huangfeilong@imu.edu.cn