Title |
ᠨᠡᠭᠡᠭᠡᠯᠲᠡ ᠲᠠᠢ ᠬᠦᠷᠲᠡᠬᠦᠢ ᠶᠢᠨ ᠮᠣᠩᠭᠤᠯ ᠰᠤᠷᠪᠤᠯᠵᠢ ᠪᠢᠴᠢᠭ ᠲᠦ ᠦᠵᠡᠬᠦᠯᠬᠦ ᠠᠴᠢ ᠬᠤᠯᠪᠤᠭᠳᠠᠯ ᠢ ᠦᠭᠦᠯᠡᠬᠦ ᠨᠢ |
Creator |
ᠭᠦᠢ ᠷᠦᠩ; ᠪᠤᠤ ᠰᠠᠷᠠᠭᠤᠯ |
Keyword |
ᠨᠡᠭᠡᠭᠡᠯᠲᠡ ᠲᠠᠢ ᠬᠦᠷᠲᠡᠬᠦᠢ; ᠮᠣᠩᠭᠤᠯ ᠰᠤᠷᠪᠤᠯᠵᠢ ᠪᠢᠴᠢᠭ; ᠠᠴᠢ ᠬᠤᠯᠪᠤᠭᠳᠠᠯ |
Abstract |
ᠨᠡᠭᠡᠭᠡᠯᠲᠡ ᠲᠠᠢ ᠬᠦᠷᠲᠡᠬᠦᠢ ᠠᠵᠢᠯᠯᠠᠭ᠎ᠠ ᠪᠤᠯ ᠤᠳᠤᠬᠠᠨ ᠳ᠋ᠤ ᠪᠦᠬᠦ ᠲᠡᠯᠡᠭᠡᠢ ᠶᠢᠨ ᠬᠡᠪᠴᠢᠶᠠᠨ ᠳ᠋ᠤ ᠦᠷᠨᠢᠨ ᠬᠦᠭᠵᠢᠵᠦ ᠪᠠᠢᠭ᠎ᠠ ᠡᠷᠳᠡᠮ ᠰᠢᠨᠵᠢᠯᠭᠡᠨ ᠤ ᠰᠤᠷᠠᠭ ᠵᠠᠩᠬᠢ ᠶᠢᠨ ᠡᠬᠢ ᠪᠠᠶᠠᠯᠢᠭ ᠪᠤᠯᠤᠨ ᠰᠤᠳᠤᠯᠭᠠᠨ ᠤ ᠦᠷ ᠠ ᠪᠦᠲᠦᠭᠡᠯ ᠢ ᠰᠦᠯᠵᠢᠶ ᠠ ᠪᠡᠷ ᠲᠠᠮᠵᠢᠨ ᠲᠦᠯᠦᠪᠦᠷᠢ ᠦᠭᠡᠢ ᠪᠡᠷ ᠴᠢᠯᠦᠭᠡᠲᠡᠢ ᠤᠯᠠᠮᠵᠢᠯᠠᠨ ᠲᠠᠷᠬᠠᠭᠠᠬᠤ ᠪᠠ ᠬᠠᠮᠲᠤ ᠪᠡᠷ ᠠᠰᠢᠭᠯᠠᠬᠤ ᠡᠷᠳᠡᠮ ᠰᠢᠨᠵᠢᠯᠡᠭᠡᠨ ᠤ ᠡᠪ ᠬᠠᠮᠲᠤ ᠶᠢᠨ ᠠᠵᠢᠯᠯᠠᠭ᠎ᠠ ᠪᠤᠯᠤᠨ᠎ᠠ᠃ ᠡᠨᠡ ᠨᠢ ᠰᠤᠷᠠᠭ ᠵᠠᠩᠭᠢᠴᠢᠯᠠᠯᠲᠠ ᠶᠢᠨ ᠴᠠᠭ ᠦᠶ ᠠ ᠶᠢᠨ ᠬᠦᠭᠵᠢᠯᠲᠡ ᠶᠢᠨ ᠱᠠᠭᠠᠷᠳᠠᠯᠭ᠎ᠠ ᠲᠠᠢ ᠵᠤᠬᠢᠴᠠᠯᠲᠤᠵᠤ᠂ ᠡᠬᠢ ᠪᠠᠶᠠᠯᠢᠭ ᠢ ᠬᠠᠮᠲᠤ ᠪᠡᠷ ᠠᠰᠢᠭᠯᠠᠬᠤ ᠴᠢᠬᠤᠯᠠ ᠠᠷᠭ᠎ᠠ ᠪᠠᠷᠢᠯ ᠪᠤᠯᠤᠭᠰᠠᠨ ᠪᠠᠢᠨ᠎ᠠ᠃ ᠦᠭᠦᠯᠡᠯ ᠳ᠋ᠤ ᠨᠡᠭᠡᠭᠡᠯᠲᠡ ᠲᠠᠢ ᠬᠦᠷᠲᠡᠬᠦᠢ ᠶᠢᠨ ᠠᠭᠤᠯᠤᠭᠳᠠᠬᠤᠨ᠂ ᠮᠣᠩᠭᠤᠯ ᠰᠤᠷᠪᠤᠯᠵᠢ ᠪᠢᠴᠢᠭ ᠤᠨ ᠪᠤᠳᠠᠳᠤ ᠪᠠᠢᠳᠠᠯ ᠵᠢᠴᠢ ᠨᠡᠭᠡᠭᠡᠯᠲᠡ ᠲᠠᠢ ᠬᠦᠷᠲᠡᠬᠦᠢ ᠤᠨᠤᠯ ᠤᠨ ᠮᠣᠩᠭᠤᠯ ᠰᠤᠷᠪᠤᠯᠵᠢ ᠪᠢᠴᠢᠭ ᠲᠤ ᠦᠵᠡᠬᠦᠯᠬᠦ ᠠᠴᠢ ᠬᠤᠯᠪᠤᠭᠳᠠᠯ ᠢ ᠦᠭᠦᠯᠡᠭᠰᠡᠨ ᠪᠠᠢᠨ᠎ᠠ᠃ |
Original Literature |
No Original Paper
|
出自 |
内蒙古社会科学(蒙文版)
2019年
第1期
|