Title |
ᠰᠤᠷᠭᠠᠭᠤᠯᠢ ᠶᠢᠨ ᠬᠦᠷᠢᠶᠡᠨ ᠤ ᠢᠲᠡᠭᠡᠮᠵᠢᠲᠦ ᠵᠢᠭᠡᠯᠡᠯᠭᠡ ᠵᠢ ᠬᠠᠤᠯᠢ ᠴᠠᠭᠠᠵᠠ ᠪᠡᠷ ᠲᠦᠷᠢᠮᠵᠢᠬᠦᠯᠬᠦ ᠲᠤᠬᠠᠢ |
Creator |
ᠵᠤᠯᠠᠬᠤᠸᠠᠷ |
Keyword |
ᠰᠤᠷᠭᠠᠭᠤᠯᠢ ᠶᠢᠨ ᠬᠦᠷᠢᠶᠶᠡᠨ ᠤ ᠢᠲᠡᠭᠡᠮᠵᠢᠲᠦ ᠵᠢᠭᠡᠯᠡᠯᠭᠡ; ᠤᠶᠤᠲᠠᠳ; ᠲᠦᠷᠢᠮᠵᠢᠬᠦᠯᠬᠦ |
Abstract |
ᠰᠤᠷᠭᠠᠭᠤᠯᠢ ᠶᠢᠨ ᠬᠦᠷᠢᠶᠡᠨ ᠤ ᠢᠳᠡᠭᠡᠮᠵᠢᠲᠦ ᠵᠢᠭᠡᠯᠡᠯᠭᠡ ᠨᠢ ᠨᠡᠢᠭᠡᠮ ᠤᠨ ᠠᠵᠤ ᠠᠬᠤᠢ ᠶᠢᠨ ᠬᠦᠭᠵᠢᠯᠲᠡ᠂ ᠰᠤᠷᠭᠠᠭᠤᠯᠢ ᠶᠢᠨ ᠬᠦᠷᠢᠶᠡᠨ ᠤ ᠮᠦᠩᠬᠦᠨ ᠬᠦᠢᠯᠭᠡᠭᠡᠨ ᠤ ᠰᠣᠶᠣᠯ᠂ ᠤᠶᠤᠲᠠᠳ ᠤᠨ ᠬᠡᠷᠡᠭᠯᠡᠭᠡᠨ ᠤ ᠦᠵᠡᠯᠲᠡ ᠶᠢᠨ ᠬᠤᠪᠢᠷᠠᠯᠲᠠ ᠵᠢ ᠲᠠᠭᠠᠯᠳᠤᠨ ᠪᠤᠢ ᠪᠤᠯᠵᠤ᠂ ᠮᠦᠨ ᠴᠦ ᠨᠡᠢᠭᠡᠮ ᠤᠨ ᠬᠦᠭᠵᠢᠯᠲᠡ ᠶᠢᠨ ᠨᠢᠭᠡ ᠵᠦᠢᠯ ᠤᠨ ᠭᠡᠷᠡᠭᠴᠡᠭᠡ ᠪᠤᠯᠤᠭᠰᠠᠨ ᠪᠠᠢᠨ᠎ᠠ᠃ ᠭᠡᠪᠡᠴᠦ ᠬᠠᠮᠢᠶ ᠠ ᠪᠦᠬᠦᠶ ᠪᠠᠢᠭᠤᠯᠭ᠎ᠠ ᠶᠢᠨ ᠬᠢᠨᠡᠯᠲᠡ ᠬᠠᠮᠢᠶᠠᠷᠤᠯᠲᠠ ᠵᠢᠴᠢ ᠬᠠᠷᠠᠭᠠᠯᠵᠠᠭᠰᠠᠨ ᠬᠠᠤᠯᠢ ᠴᠠᠭᠠᠵᠠ ᠶᠢᠨ ᠲᠦᠷᠢᠮ ᠲᠤᠭᠲᠠᠭᠠᠯ ᠲᠤᠲᠠᠭᠳᠠᠭᠰᠠᠨ ᠡᠴᠡ ᠪᠤᠯᠵᠤ᠂ ᠰᠤᠷᠭᠠᠭᠤᠯᠢ ᠶᠢᠨ ᠬᠦᠷᠢᠶᠡᠨ ᠤ ᠢᠲᠡᠭᠡᠮᠵᠢᠲᠦ ᠵᠢᠭᠡᠯᠡᠯᠭᠡ ᠨᠢ ᠡᠷᠡᠬᠦᠯ ᠪᠤᠰᠤ ᠪᠡᠷ ᠬᠦᠭᠵᠢᠵᠦ ᠪᠤᠢ᠃ ᠦᠭᠦᠯᠡᠯ ᠳ᠋ᠤ ᠰᠤᠷᠭᠠᠭᠤᠯᠢ ᠶᠢᠨ ᠬᠦᠷᠢᠶᠡᠨ ᠤ ᠢᠳᠡᠭᠡᠮᠵᠢᠲᠦ ᠵᠢᠭᠡᠯᠡᠯᠭᠡ ᠶᠢᠨ ᠤᠳᠤᠬᠠᠨ ᠤ ᠪᠠᠢᠳᠠᠯ ᠵᠢᠴᠢ ᠤᠷᠤᠰᠢᠵᠤ ᠪᠦᠬᠦᠢ ᠬᠠᠤᠯᠢ ᠴᠠᠭᠠᠵᠠ ᠶᠢᠨ ᠲᠦᠭᠰᠢᠬᠦᠷᠢ ᠵᠢ ᠬᠤᠷᠢᠶᠩᠭᠤᠢᠯᠠᠨ ᠦᠭᠦᠯᠡᠵᠦ᠂ ᠲᠡᠭᠦᠨ ᠤ ᠬᠠᠤᠯᠢ ᠴᠠᠭᠠᠵᠠ ᠪᠡᠷ ᠬᠡᠷᠬᠢᠨ ᠲᠦᠷᠢᠮᠵᠢᠬᠦᠯᠬᠦ ᠠᠷᠭ᠎ᠠ ᠵᠢ ᠰᠦᠪᠡᠭᠴᠢᠯᠡᠵᠡᠢ᠃ |
Original Literature |
View Original Paper
|
出自 |
内蒙古社会科学(蒙文版)
2021年
第2期
|