Abstract |
ᠦᠭᠦᠯᠡᠯ ᠳ᠋ᠤ ᠰᠢ ᠵᠢᠨ ᠫᠢᠩ ᠶᠡᠷᠦᠩᠬᠡᠢ ᠱᠦᠵᠢ ᠶᠢᠨ ᠲᠤᠷᠠᠳᠤᠭᠰᠠᠨ ᠴᠢᠬᠤᠯᠠ ᠵᠢᠭᠠᠪᠤᠷᠢ ᠪᠡᠷ ᠦᠨᠳᠦᠰᠦᠯᠡᠯ ᠪᠤᠯᠭᠠᠵᠤ᠂ 2018-2021ᠣᠨ ᠪᠤᠯᠲᠠᠯᠠᠬᠢ ᠬᠤᠭᠤᠴᠠᠭᠠᠨ ᠳ᠋ᠡᠬᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠲᠤᠨ ᠤ ᠠᠵᠢᠯ ᠤᠨ ᠢᠯᠡᠳᠭᠡᠯ ᠳ᠋ᠡᠬᠢ《 ᠪᠤᠯᠪᠠᠰᠤᠨ ᠦᠪᠦᠷ ᠮᠣᠩᠭᠤᠯ》 ᠤᠨᠪᠦᠲᠭᠡᠨ ᠪᠠᠢᠭᠤᠯᠤᠯᠲᠡ ᠵᠢ ᠠᠳᠬᠤᠬᠤ᠂ ᠬᠦᠭᠵᠢᠬᠦᠯᠬᠦ᠂ ᠡᠷᠴᠢᠮᠵᠢᠭᠦᠯᠬᠦ ᠲᠤᠬᠠᠢ ᠲᠤᠷᠠᠳᠤᠯᠲᠠ ᠵᠢ ᠪᠤᠳᠠᠳᠠᠢ ᠪᠡᠷ ᠵᠠᠳᠠᠯᠤᠨ ᠰᠢᠨᠵᠢᠯᠡᠵᠦ᠂ 《 ᠪᠤᠯᠪᠠᠰᠤᠨ ᠦᠪᠦᠷ ᠮᠣᠩᠭᠤᠯ》 ᠤᠨ ᠪᠦᠲᠦᠭᠡᠨ ᠪᠠᠢᠭᠤᠯᠤᠯᠲᠠ ᠶᠢᠨ ᠠᠭᠤᠯᠭ᠎ᠠ ᠪᠠ ᠣᠨᠴᠠᠯᠢᠭ ᠢ ᠦᠨᠡᠨᠯᠡ ᠳ᠋ᠦᠩᠨᠡᠵᠦ᠂ 《 ᠪᠤᠯᠪᠠᠰᠤᠨ ᠦᠪᠦᠷ ᠮᠣᠩᠭᠤᠯ》 ᠤᠨ ᠪᠦᠲᠦᠭᠡᠨ ᠪᠠᠢᠭᠤᠯᠤᠯᠲᠠ ᠳ᠋ᠤ ᠰᠣᠶᠣᠯ ᠮᠡᠳᠡᠯᠭᠡ ᠶᠢᠨ ᠲᠡᠭᠡᠭᠰᠢᠯᠡᠯᠲᠡ ᠵᠢ ᠬᠦᠨᠳᠦᠳᠭᠡᠬᠦ ᠶᠢᠨ ᠲᠠᠭᠤ ᠪᠠᠰᠠ ᠵᠠᠪᠠᠯ ᠬᠤᠪᠢ ᠬᠦᠮᠦᠨ ᠤ ᠶᠤᠰᠤ ᠮᠤᠷᠠᠯ᠂ ᠬᠡᠪ ᠵᠠᠩᠰᠢᠯ᠂ ᠬᠦᠮᠦᠵᠢᠯ ᠪᠤᠯᠪᠠᠰᠤᠷᠠᠯ ᠢ ᠴᠢᠬᠤᠯᠠᠴᠢᠯᠠᠨ ᠦᠵᠡᠬᠦ ᠭᠡᠷᠡᠭᠲᠡᠢ ᠭᠡᠵᠦ ᠦᠵᠡᠵᠡᠢ᠃ |