Paper Information


Title ᠵᠤᠤ ᠤᠳᠠ ᠠᠢᠮᠠᠭ ᠤᠨ ᠴᠢᠯᠦᠭᠡᠯᠡᠬᠦ ᠲᠠᠢᠨ ᠳ᠋ᠤ ᠦᠵᠡᠭᠦᠯᠦᠭᠰᠡᠨ ᠭᠠᠪᠢᠶ ᠠ ᠵᠢᠳᠭᠦᠯ ᠢ ᠨᠠᠷᠢᠪᠴᠢᠯᠠᠬᠤ ᠨᠢ
Creator ᠨᠠᠷᠠᠩᠭᠤᠤ ᠠ
Keyword ᠵᠤᠤ ᠤᠳᠠ ᠠᠢᠮᠠᠭ; ᠴᠢᠯᠦᠭᠡᠯᠡᠬᠦ ᠲᠠᠢᠨ; ᠭᠠᠪᠢᠶ ᠠ ᠵᠢᠳᠬᠦᠯ
Abstract ᠵᠤᠤ ᠤᠳᠠ ᠠᠢᠮᠠᠭ ᠨᠢ ᠶᠡᠬᠡ ᠬᠡᠮᠵᠢᠶᠠᠨ ᠤ ᠬᠦᠮᠦᠨ ᠤ ᠬᠦᠴᠦ᠂ ᠪᠤᠳᠠᠰ ᠤᠨ ᠬᠦᠴᠦ ᠪᠡᠷ ᠴᠢᠯᠦᠭᠡᠯᠡᠬᠦ ᠲᠠᠢᠨ ᠢ ᠲᠠᠮᠵᠢᠨ ᠂ ᠴᠢᠯᠦᠭᠡᠯᠡᠬᠦ ᠲᠠᠢᠨ ᠤᠢᠯᠠᠯᠲᠠ ᠵᠢ ᠲᠡᠮᠡᠴᠡᠨ ᠤᠯᠬᠤ ᠳ᠋ᠤ ᠯᠤᠲᠤ ᠶᠡᠬᠡ ᠭᠠᠪᠢᠶ ᠠ ᠵᠢᠳᠬᠦᠯ ᠦᠵᠡᠭᠦᠯᠦᠭᠰᠡᠨ ᠶᠣᠮ᠃ ᠵᠤᠤ ᠤᠲᠠ ᠠᠢᠮᠠᠭ ᠤᠨ ᠴᠢᠯᠦᠭᠡᠯᠡᠬᠦ ᠲᠠᠢᠨ ᠳ᠋ᠤ ᠦᠵᠡᠭᠦᠯᠦᠭᠰᠡᠨ ᠭᠠᠪᠢᠶ ᠠ ᠵᠢᠳᠬᠦᠯ ᠨᠢ ᠭᠠᠵᠠᠷ ᠰᠢᠷᠤᠢ ᠶᠢᠨ ᠦᠭᠡᠷᠡᠴᠢᠯᠠᠯᠲᠠ ᠶᠢᠨ ᠬᠦᠳᠡᠯᠭᠡᠭᠡᠨ ᠢᠢᠡᠷ ᠲᠠᠮᠵᠢᠨ ᠪᠡᠶᠡᠯᠡᠭᠳᠡᠭᠰᠡᠨ ᠶᠣᠮ᠃ ᠭᠠᠵᠠᠷ ᠰᠢᠤᠷᠢ ᠶᠢᠨ ᠦᠭᠡᠷᠡᠴᠢᠯᠠᠯᠲᠠ ᠶᠢᠨ ᠬᠦᠳᠡᠯᠭᠡᠭᠡᠨ ᠪᠤᠯ ᠴᠢᠯᠦᠭᠡᠯᠡᠬᠦ ᠲᠠᠢᠨ ᠤ ᠢᠯᠠᠯᠲᠠ ᠵᠢ ᠲᠡᠮᠡᠴᠡᠨ ᠪᠤᠯᠬᠤ ᠶᠢᠨ ᠦᠨᠳᠦᠰᠦᠨ ᠪᠠᠲᠤᠯᠠᠭ᠎ᠠ ᠪᠤᠯᠤᠨ᠎ᠠ᠃ ᠵᠤᠤ ᠤᠲᠠ ᠠᠢᠮᠠᠭ ᠨᠢ ᠭᠠᠠᠵᠷ ᠰᠢᠷᠤᠢ ᠶᠢᠨ ᠦᠭᠡᠷᠡᠴᠢᠯᠠᠯᠲᠠ ᠶᠢᠨ ᠬᠦᠳᠡᠯᠭᠡᠭᠡᠨ ᠢ ᠤᠯᠠᠨ ᠲᠦᠮᠡᠨ ᠢ ᠲᠠᠢᠴᠢᠯᠠᠬᠤ ᠲᠠᠢ ᠤᠶᠠᠯᠳᠤᠭᠤᠯᠵᠤ᠂ ᠴᠢᠯᠦᠭᠡᠯᠡᠬᠦ ᠲᠠᠢᠨ ᠳ᠋ᠤ ᠦᠢᠯᠡᠴᠢᠯᠡᠬᠦᠯᠵᠦ ᠴᠢᠳᠠᠭᠰᠠᠨ ᠶᠣᠮ᠃ ᠦᠭᠦᠯᠡᠯ ᠳ᠋ᠤ ᠲᠠᠩᠰᠠ ᠡᠪᠬᠡᠮᠡᠯ᠂ ᠤᠷᠤᠨ ᠨᠤᠲᠤᠭ ᠤᠨ ᠴᠡᠷᠢᠭ ᠤᠨ ᠤᠢᠯᠠᠯᠠᠭ᠎ᠠ᠂ᠨᠠᠮ ᠤᠨ ᠲᠡᠦᠭᠡ ᠶᠢᠨ ᠮᠠᠷᠲ᠋ᠸᠷᠢᠶᠠᠯ ᠢ ᠠᠰᠢᠭᠯᠠᠵᠤ᠂ ᠲᠤᠬᠠᠢ ᠶᠢᠨ ᠦᠶ ᠠ ᠶᠢᠨ ᠵᠤᠤ ᠤᠳᠠ ᠠᠢᠠᠮᠭ ᠤᠨ ᠴᠢᠯᠦᠭᠡᠯᠡᠬᠦ ᠲᠠᠢᠨ ᠳ᠋ᠤ ᠦᠵᠡᠭᠦᠯᠦᠭᠰᠡᠨ ᠭᠠᠪᠢᠶ ᠠ ᠵᠢᠳᠬᠦᠯ ᠢ ᠨᠠᠷᠢᠪᠴᠢᠯᠠᠨ ᠲᠤᠰᠬᠠᠬᠤ ᠵᠢ ᠵᠤᠷᠢᠵᠠᠢ᠃
Original Literature View Original Paper
出自 内蒙古师范大学学报 2020年 第3期

联系我们


内蒙古大学图书馆
呼和浩特市大学西路235号
中国·内蒙古
P: (0471) 4992561
E: huangfeilong@imu.edu.cn