Paper Information


Title ᠮᠣᠩᠭᠤᠯ ᠦᠨᠳᠦᠰᠦᠲᠡᠨ ᠤ ᠤᠯᠠᠮᠵᠢᠯᠠᠯᠲᠤ ᠭᠡᠷ ᠪᠦᠯᠢ ᠶᠢᠨ ᠶᠤᠰᠤ ᠰᠤᠷᠲᠠᠬᠤᠨ ᠤ ᠬᠦᠮᠦᠵᠢᠯ ᠤᠨ ᠤᠳᠤᠬᠢ ᠦᠢᠯᠡᠳᠦᠯ ᠢ ᠦᠭᠦᠯᠡᠬᠦ ᠨᠢ
Creator ᠡᠷᠳᠡᠮᠲᠦ; ᠤᠯᠠᠭᠠᠨ
Keyword ᠮᠣᠩᠭᠤᠯ ᠦᠨᠳᠦᠰᠦᠲᠡᠨ; ᠤᠯᠠᠮᠵᠢᠯᠠᠯᠲᠤ ᠭᠡᠷ ᠪᠦᠯᠢ; ᠶᠣᠰᠤ ᠰᠤᠷᠲᠠᠬᠤᠨ ᠤ ᠬᠦᠮᠦᠵᠢᠯ
Abstract ᠮᠣᠩᠭᠤᠯ ᠦᠨᠳᠦᠰᠦᠲᠡᠨ ᠤᠷᠲᠤ ᠬᠤᠭᠤᠴᠠᠭᠠᠨ ᠤ ᠨᠡᠭᠦᠳᠡᠯ ᠠᠮᠢᠳᠤᠷᠠᠯ ᠤᠨ ᠶᠠᠪᠤᠴᠠ ᠳ᠋ᠤ ᠦᠪᠡᠷ ᠤᠨ ᠢᠢᠡᠨ ᠡᠯᠪᠡᠭ ᠪᠠᠶᠠᠯᠢᠭ ᠰᠠᠢᠨ ᠰᠠᠢᠬᠠᠨ ᠤᠯᠠᠮᠵᠢᠯᠠᠯᠲᠤ ᠭᠡᠷ ᠪᠦᠯᠢ ᠶᠢᠨ ᠬᠦᠮᠦᠵᠢᠯ ᠢ ᠡᠭᠦᠳᠦᠨ ᠪᠦᠲᠦᠭᠡᠭᠰᠡᠨ ᠪᠠᠢᠨ᠎ᠠ᠃ ᠮᠣᠩᠭᠤᠯ ᠦᠨᠳᠦᠰᠦᠲᠡᠨ ᠤ ᠤᠯᠠᠮᠵᠢᠯᠠᠯᠲᠤ ᠭᠡᠷ ᠪᠦᠯᠢ ᠶᠢᠨ ᠶᠤᠰᠤ ᠰᠤᠷᠲᠠᠬᠤᠨ ᠤ ᠬᠦᠮᠦᠵᠢᠯ ᠪᠤᠯ ᠲᠡᠭᠦᠨ ᠤ ᠴᠢᠬᠤᠯᠠ ᠤᠷᠭᠠᠨᠢᠭ ᠪᠦᠷᠢᠯᠳᠦᠬᠦᠨ ᠪᠤᠯᠬᠤ ᠮᠦᠷᠲᠡᠭᠡᠨ ᠮᠣᠩᠭᠤᠯ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠦᠪ ᠰᠣᠶᠣᠯ ᠪᠤᠯᠬᠤ ᠶᠣᠮ᠃ ᠮᠣᠩᠭᠤᠯ ᠦᠨᠳᠦᠰᠦᠲᠡᠨ ᠤ ᠤᠯᠠᠮᠵᠢᠯᠠᠯᠲᠤ ᠭᠡᠷ ᠪᠦᠯᠢ ᠶᠢᠨ ᠶᠠᠰᠤ ᠰᠤᠷᠲᠠᠬᠤᠨ ᠤ ᠬᠦᠮᠦᠵᠢᠯ ᠤᠨ ᠤᠳᠤᠬᠢ ᠦᠢᠯᠡᠳᠦᠯ ᠢ ᠰᠢᠨ᠎ᠠ ᠴᠠᠭ ᠦᠶ ᠠ ᠶᠢᠨ ᠡᠶ ᠠ ᠨᠠᠢᠷᠲᠠᠢ ᠵᠤᠯ ᠵᠢᠷᠭᠠᠯᠲᠤ ᠭᠡᠷ ᠪᠦᠯᠢ ᠵᠢ ᠴᠣᠭᠴᠠᠯᠠᠬᠤ᠂ ᠦᠨᠨᠡᠴᠢ ᠰᠢᠳᠤᠷᠭᠤ ᠠᠵᠢᠯᠴᠢ ᠠᠷᠪᠢᠴᠢ ᠨᠡᠢᠭᠡᠮ ᠤᠨ ᠬᠡᠪ ᠰᠤᠷᠲᠠᠯ ᠢ ᠪᠤᠢ ᠪᠤᠯᠭᠠᠬᠤ᠂ ᠦᠨᠳᠦᠰᠦᠲᠡᠨ ᠤ ᠪᠦᠯᠬᠦᠮᠲᠡᠯ ᠨᠢᠭᠲᠠᠷᠠᠯ ᠢ ᠴᠢᠩᠭᠠᠳᠬᠠᠬᠤ ᠵᠢᠴᠢ ᠪᠠᠢᠭᠠᠯᠢ ᠶᠢᠨ ᠤᠷᠴᠢᠨ ᠲᠤᠭᠤᠷᠢᠨ ᠢ ᠬᠠᠮᠠᠭᠠᠯᠠᠬᠤ ᠨᠡᠢᠭᠡᠮ ᠤᠨ ᠠᠭᠤᠷ ᠠᠮᠢᠰᠬᠤᠯ ᠢ ᠪᠤᠢ ᠪᠤᠯᠭᠠᠬᠤ ᠵᠡᠷᠭᠡ ᠲᠦᠷᠪᠡᠨ ᠲᠠᠯ ᠠ ᠡᠴᠡ ᠬᠤᠷᠢᠶᠠᠩᠭᠤᠢᠯᠠᠨ ᠦᠭᠦᠯᠡᠵᠡᠢ᠃
Original Literature View Original Paper
出自 内蒙古师范大学学报 2020年 第3期

联系我们


内蒙古大学图书馆
呼和浩特市大学西路235号
中国·内蒙古
P: (0471) 4992561
E: huangfeilong@imu.edu.cn