Title |
ᠦᠪᠦᠷ ᠮᠣᠩᠭᠤᠯ ᠤᠨ ᠲᠠᠯᠠᠨ ᠬᠠᠷ ᠠ ᠠᠭᠤᠯᠠ ᠶᠢᠨ ᠪᠠᠢᠭᠠᠯᠢ ᠶᠢᠨ ᠬᠠᠮᠠᠭᠠᠯᠠᠯᠲᠠ ᠶᠢᠨ ᠤᠷᠤᠨ ᠤ ᠠᠮᠢ ᠠᠬᠤᠢ ᠶᠢᠨ ᠬᠠᠤᠯᠢ ᠴᠠᠭᠠᠵᠠ ᠶᠢᠨ ᠠᠰᠠᠭᠤᠳᠠᠯ ᠤᠨ ᠲᠤᠬᠠᠢ ᠰᠢᠨᠵᠢᠬᠦ ᠨᠢ |
Creator |
ᠴᠡᠯᠮᠡᠭ |
Keyword |
ᠪᠠᠢᠭᠠᠯᠠᠢ ᠶᠢᠨ ᠬᠠᠮᠠᠭᠠᠯᠠᠯᠲᠠ ᠶᠢᠨ ᠤᠷᠤᠨ; ᠠᠮᠢ ᠠᠬᠤᠢ ᠶᠢᠨ ᠨᠦᠬᠦᠪᠦᠷᠢ; ᠤᠯᠠᠨ ᠨᠡᠢᠲᠡ ᠣᠷᠤᠯᠴᠠᠬᠤ |
Abstract |
ᠦᠪᠦᠷ ᠮᠣᠩᠭᠤᠯ ᠤᠨ ᠲᠠᠯᠠᠨ ᠬᠠᠷ ᠠ ᠠᠭᠤᠯᠠ ᠶᠢᠨ ᠪᠠᠢᠭᠠᠯᠢ ᠶᠢᠨ ᠬᠠᠮᠠᠭᠠᠯᠠᠯᠲᠠ ᠶᠢᠨ ᠤᠷᠤᠨ ᠪᠤᠯ ᠤᠯᠤᠰ ᠤᠨ ᠲᠡᠰ ᠤᠨ ᠪᠠᠢᠭᠠᠯᠢ ᠶᠢᠨ ᠬᠠᠮᠠᠭᠠᠯᠠᠯᠲᠠ ᠶᠢᠨ ᠤᠷᠤᠨ ᠪᠤᠯᠤᠨ᠎ᠠ᠃ ᠲᠡᠷᠡ ᠨᠢ ᠪᠠᠢᠭᠠᠯᠢ ᠶᠢᠨ ᠠᠮᠢ ᠠᠬᠤᠢ ᠶᠢᠨ ᠰᠢᠰᠲ᠋ᠸᠮ ᠭᠡᠭᠡᠷ ᠠ ᠶᠢᠨ ᠠᠮᠢᠠᠲᠠᠨ ᠤᠷᠭᠤᠮᠠᠯ ᠪᠠ ᠤᠢ ᠰᠢᠭᠤᠢ ᠵᠢ ᠬᠠᠮᠠᠭᠠᠯᠠᠬᠤ᠂ ᠤᠰᠤᠨ ᠤ ᠰᠤᠷᠪᠤᠯᠵᠢ ᠵᠢ ᠬᠠᠳᠠᠭᠠᠯᠠᠬᠤ ᠵᠡᠷᠭᠡ ᠤᡀᠠᠩ ᠵᠦᠢᡀ ᠤᠩ ᠠᠮᠢ ᠠᠾᠤᠢ ᠶᠢᠩ ᠴᠢᠳᠠᠮᠵᠢ ᠲᠠᠢ ᠪᠠᠢᠳᠠᠭ᠃ᠪᠠᠢᠭᠠᠯᠢ ᠶᠢᠨ ᠬᠠᠮᠠᠭᠠᠯᠠᠯᠲᠠ ᠶᠢᠨ ᠤᠷᠤᠨ ᠨᠢ ᠨᠢᠭᠡᠨ ᠴᠢᠬᠤᠯᠠ ᠪᠠᠢᠭᠠᠯᠢ ᠶᠢᠨ ᠡᠬᠢᠪᠠᠶᠠᠯᠢᠭ ᠪᠤᠯᠤᠭᠰᠠᠨ ᠤ ᠬᠤᠪᠢ ᠳ᠋ᠤ᠂ ᠬᠠᠮᠭᠠᠯᠠᠯᠲᠠ ᠶᠢᠨ ᠤᠷᠤᠨ ᠤ ᠠᠮᠢ ᠠᠬᠤᠢ ᠶᠢᠨ ᠲᠡᠨᠴᠡᠭᠦᠷᠢ ᠵᠢ ᠪᠠᠲᠤᠯᠬᠠ ᠪᠡᠷ ᠪᠠᠷᠠᠬᠤ ᠦᠭᠡᠢ ᠪᠠᠰᠠ ᠨᠡᠭᠡᠭᠡᠨ ᠠᠰᠢᠭᠯᠠᠯᠲᠠ ᠶᠢᠨ ᠪᠦᠲᠦᠭᠡᠨ ᠪᠠᠢᠭᠤᠯᠤᠯᠲᠠ ᠶᠢᠨ ᠠᠰᠠᠭᠤᠳᠠᠯ ᠢ ᠠᠩᠬᠠᠷᠴᠤ ᠪᠠᠢᠳᠠᠭ᠃ ᠲᠠᠯᠠᠨ ᠬᠠᠷ ᠠ ᠠᠭᠤᠯᠠ ᠶᠢᠨ ᠪᠠᠢᠭᠠᠯᠢ ᠶᠢᠨ ᠬᠠᠮᠠᠭᠠᠯᠠᠯᠲᠠ ᠶᠢᠨ ᠤᠷᠤᠨ ᠨᠢ ᠬᠠᠮᠠᠭᠠᠯᠠᠯᠲᠠ ᠪᠠ ᠠᠰᠢᠭᠯᠠᠯᠲᠠ ᠶᠢᠨ ᠶᠠᠪᠤᠴᠠ ᠲᠤᠮᠳᠠ ᠪᠠᠨ ᠤᠯᠠᠨ ᠵᠦᠢᠯ ᠤᠨ ᠬᠠᠤᠯᠢ ᠴᠠᠭᠠᠵᠠ ᠶᠢᠨ ᠠᠰᠠᠭᠤᠳᠠᠯ ᠲᠤᠯᠭᠠᠷᠠᠭᠰᠠᠭᠠᠷ ᠢᠷᠡᠭᠰᠡᠨ ᠶᠣᠮ᠃ ᠦᠭᠦᠯᠡᠯ ᠳ᠋ᠤ ᠭᠤᠤᠯᠳᠠᠭᠤ ᠬᠠᠮᠠᠭᠠᠯᠠᠯᠲᠠ ᠶᠢᠨ ᠤᠷᠤᠨ ᠤ ᠠᠮᠢ ᠠᠬᠤᠢ ᠶᠢᠨ ᠨᠦᠬᠦᠪᠦᠷᠢ ᠶᠢᠨ ᠠᠰᠠᠭᠤᠳᠠᠯ ᠂ ᠤᠯᠠᠨ ᠨᠡᠢᠲᠡ ᠶᠢᠨ ᠤᠷᠤᠯᠴᠠᠬᠤ ᠠᠰᠠᠭᠤᠳᠠᠯ ᠵᠢᠴᠢ ᠬᠠᠮᠠᠭᠠᠯᠠᠯᠲᠠ ᠪᠤᠯᠤᠨ ᠬᠦᠭᠵᠢᠯᠲᠡ ᠶᠢᠨ ᠬᠠᠷᠢᠴᠠᠭ᠎ᠠ ᠵᠢ ᠬᠡᠷᠬᠢᠨ ᠲᠡᠩᠴᠡᠭᠦᠷᠢᠰᠢᠬᠦᠯᠬᠦ ᠵᠡᠷᠭᠡ ᠭᠤᠷᠪᠠᠨ ᠲᠠᠯ ᠠ ᠡᠴᠡ ᠵᠠᠳᠠᠯᠵᠠᠢ᠃ |
Original Literature |
View Original Paper
|
出自 |
内蒙古师范大学学报
2021年
第4期
|