Abstract |
13 ᠳ᠋ᠤᠭᠠᠷ ᠵᠠᠭᠤᠨ ᠤ ᠮᠣᠨᠭᠤᠯ ᠴᠡᠷᠢᠭ ᠨᠢ ᠨᠣᠮᠤᠬᠠᠨ ᠲᠠᠯᠠᠢ ᠡᠴᠡ ᠠᠯᠤᠰ ᠡᠸᠷᠦ᠋ᠫᠠ ᠬᠦᠷᠲᠡᠯ ᠠ ᠦᠷᠭᠡᠨ ᠠᠭᠤᠲᠠᠮ ᠨᠤᠲᠤᠭ ᠳᠡᠪᠢᠰᠭᠡᠷ ᠢ ᠡᠵᠡᠯᠡᠨ ᠣᠷᠤᠭᠤᠯᠤᠭᠰᠠᠨ ᠪᠢᠯᠡ᠃ ᠡᠨᠡᠨᠦ ᠦᠢᠯᠡᠰ ᠢ ᠪᠡᠶᠡᠯᠡᠬᠦᠯᠬᠦ ᠳ᠋ᠤ᠂ ᠮᠣᠩᠭᠤᠯ ᠴᠡᠷᠢᠭ ᠤᠨ ᠡᠷᠡᠯᠭᠡᠭ ᠪᠠᠭᠠᠲᠤᠷ ᠰᠦᠰᠦ ᠵᠤᠷᠢᠭ᠂ ᠤᠶᠠᠨ ᠬᠠᠳᠠᠨ ᠪᠠᠢᠯᠳᠤᠬᠤ ᠠᠷᠭ᠎ᠠ᠂ ᠬᠠᠲᠠᠭᠤ ᠴᠢᠩᠭ᠎ᠠ ᠰᠠᠬᠢᠯᠭ᠎ᠠ ᠪᠠᠲᠤ ᠪᠠ ᠡᠵᠡᠨ ᠴᠢᠩᠬᠢᠰ ᠬᠢᠭᠡᠳ ᠲᠡᠭᠦᠨ ᠤ ᠵᠠᠯᠭᠠᠮᠵᠢᠯᠠᠭᠴᠢᠳ ᠤᠨ ᠤᠷᠠᠨ ᠭᠠᠷᠮᠠᠭᠠᠢ ᠪᠠᠢᠯᠳᠤᠬᠤ ᠪᠣᠳᠤᠯᠭ᠎ᠠ ᠨᠢ ᠰᠢᠢᠳᠪᠦᠷᠢᠯᠡᠬᠦ ᠴᠢᠨᠠᠷᠲᠠᠢ ᠦᠢᠯᠡᠳᠦᠯ ᠦᠵᠡᠭᠦᠯᠦᠭᠰᠡᠨ ᠪᠤᠯᠪᠠᠴᠤ᠂ ᠮᠣᠩᠭᠤᠯ ᠴᠡᠷᠢᠭ ᠤᠨ ᠦᠪᠡᠷᠮᠢᠴᠡ ᠣᠨᠴᠠᠯᠢᠭ ᠪᠦᠬᠦᠢ ᠬᠤᠶᠠᠭ ᠲᠭᠤᠯᠭᠠ᠂ ᠵᠡᠷ ᠵᠡᠪᠰᠡᠭᠵᠢᠴᠢ ᠮᠤᠷᠢᠨ ᠤ ᠬᠠᠯᠬᠠᠪᠴᠢ᠂ ᠬᠤᠲᠠ ᠡᠪᠳᠡᠬᠦ ᠴᠢᠳᠤᠷ ᠣᠨᠢᠰᠤ ᠵᠡᠷᠭᠡ ᠲᠠᠢᠨ ᠪᠠᠢᠦᠯᠳᠤᠭᠠᠨ ᠤ ᠵᠡᠪᠰᠡᠭ ᠪᠠ ᠪᠤᠰᠤᠳ ᠪᠠᠭᠠᠵᠢ ᠬᠡᠷᠡᠭᠰᠡᠯ ᠨᠢ ᠮᠦᠨ ᠴᠢᠬᠤᠯᠠ ᠦᠢᠯᠡᠳᠦᠯ ᠦᠵᠡᠭᠦᠯᠦᠭᠰᠡᠨ ᠪᠠᠢᠨ᠎ᠠ᠃ |