Title |
ᠲᠤᠭᠠᠨ ᠤ ᠤᠬᠠᠭᠠᠨ ᠤ ᠪᠠᠭᠰᠢ ᠶᠢᠨ ᠲᠤᠰᠬᠠᠢ ᠮᠡᠷᠭᠡᠵᠢᠯ ᠦᠨ ᠮᠡᠳᠡᠯᠭᠡ ᠶᠢᠨ ᠬᠦᠭᠵᠢᠯᠲᠡ ᠶᠢᠨ ᠲᠤᠬᠠᠢ |
Creator |
ᠢᠦᠢ ᠯᠢᠨ; ᠪᠢᠯᠢᠭᠲᠦ |
Keyword |
ᠲᠤᠭᠠᠨ ᠤ ᠤᠠᠬᠭᠠᠨ ᠤ ᠪᠠᠭᠰᠢ; ᠬᠢᠴᠢᠶᠡᠯ ᠲᠦᠷᠦᠯ ᠦᠨ ᠲᠤᠰᠬᠠᠢ ᠮᠡᠷᠭᠡᠵᠢᠯ ᠦᠨ ᠮᠡᠳᠡᠯᠭᠡ; ᠬᠦᠭᠵᠢᠯᠲᠡ ᠶᠢᠨ ᠬᠢᠷᠢ ᠲᠦᠪᠰᠢᠨ; ᠬᠡᠪ ᠵᠠᠭᠪᠤᠷ |
Abstract |
ᠲᠤᠭᠠᠨ ᠤ ᠤᠬᠠᠭᠠᠨ ᠤ ᠪᠠᠭᠰᠢ ᠶᠢᠨ ᠲᠤᠬᠠᠢᠯᠠᠭᠰᠠᠨ ᠠᠵᠢᠯ ᠤᠨ ᠬᠦᠭᠵᠢᠯᠲᠡ ᠶᠢᠨ ᠭᠤᠤᠯ ᠴᠦᠮ᠎ᠡ ᠨᠢ ᠬᠢᠴᠢᠶᠡᠯ ᠲᠦᠷᠦᠯ ᠦᠨ ᠲᠤᠰᠬᠠᠢ ᠮᠡᠷᠭᠡᠵᠢᠯ ᠦᠨ ᠮᠡᠳᠡᠯᠭᠡ ᠶᠢᠨ ᠬᠦᠭᠵᠢᠯᠲᠡ ᠶᠢᠨ ᠬᠢᠷᠢ ᠲᠦᠪᠰᠢᠨ ᠳᠦ ᠪᠤᠢ᠃ ᠲᠤᠭᠠᠨ ᠤ ᠤᠬᠠᠭᠠᠨ ᠤ ᠪᠠᠭᠰᠢ ᠶᠢᠨ ᠬᠢᠴᠢᠶᠡᠯ ᠲᠦᠷᠦᠯ ᠦᠨ ᠲᠤᠰᠬᠠᠢ ᠮᠡᠷᠭᠡᠵᠢᠯ ᠦᠨ ᠮᠡᠳᠡᠯᠭᠡ ᠶᠢᠨ ᠬᠦᠭᠵᠢᠯᠲᠡ ᠶᠢᠨ ᠬᠢᠷᠢ ᠲᠦᠪᠰᠢᠨ ᠢ ᠦᠵᠡᠪ ᠬᠢᠷᠢ ᠲᠦᠪᠰᠢᠨ᠂ ᠤᠬᠠᠭᠳᠠᠬᠤᠨ ᠤ ᠬᠢᠷᠢ ᠲᠦᠪᠰᠢᠨ ᠪᠠ ᠣᠨᠣᠯ ᠤᠨ ᠬᠢᠷᠢ ᠲᠦᠪᠰᠢᠨ ᠭᠡᠵᠦ ᠭᠤᠷᠪᠠᠨ ᠲᠦᠷᠦᠯ ᠳᠦ ᠬᠤᠪᠢᠶᠠᠵᠤ ᠪᠤᠯᠤᠨ᠎ᠠ᠃ ᠡᠭᠦᠨ ᠳᠦ᠂ 《ᠦᠵᠡᠪ ᠬᠢᠷᠢ ᠲᠦᠪᠰᠢᠨ》 ᠭᠡᠳᠡᠭ ᠨᠢ᠂ ᠪᠤᠳᠠᠲᠤ ᠬᠡᠷᠡᠭ᠂ ᠬᠠᠷᠢᠴᠠᠭ᠎ᠠ᠂ ᠠᠷᠭ᠎ᠠ ᠪᠠᠷ ᠭᠤᠤᠯ ᠴᠤᠭᠴᠠ ᠪᠤᠯᠭᠠᠵᠤ᠂ ᠪᠤᠳᠠᠲᠤ ᠶᠠᠪᠤᠳᠠᠯ ᠢᠶᠠᠷ ᠦᠯᠢᠭᠡᠷ ᠵᠢᠱᠢᠶ᠎ᠡ ᠪᠤᠯᠭᠠᠳᠠᠭ; 《ᠤᠬᠠᠭᠳᠠᠬᠤᠨ ᠤ ᠬᠢᠷᠢ ᠲᠦᠪᠰᠢᠨ》 ᠭᠡᠳᠡᠭ ᠨᠢ ᠮᠡᠳᠡᠯᠭᠡ᠂ ᠰᠡᠳᠬᠢᠭᠦᠢ᠂ ᠴᠢᠳᠠᠪᠤᠷᠢ ᠪᠠᠷ ᠭᠤᠤᠯ ᠴᠤᠭᠴᠠ ᠪᠤᠯᠭᠠᠵᠤ᠂ ᠠᠭᠤᠯᠭ᠎ᠠ ᠶᠢᠨ ᠲᠠᠯ᠎ᠠ ᠪᠠᠷ ᠨᠡᠩ ᠡᠩ ᠦᠨ ᠪᠠᠢᠭ᠎ᠠ ᠪᠤᠯᠪᠠᠴᠤ ᠨᠡᠯᠢᠶᠡᠳ ᠢᠯᠡ ᠲᠤᠳᠤ ᠪᠤᠳᠠᠲᠤ ᠦᠢᠯᠡᠳᠦᠯᠭᠡ ᠶᠢᠨ ᠪᠠᠢᠳᠠᠯ ᠢ ᠱᠠᠭᠠᠷᠳᠠᠳᠠᠭ; 《ᠣᠨᠣᠯ ᠤᠨ ᠬᠢᠷᠢ ᠲᠦᠪᠰᠢᠨ》 ᠭᠡᠳᠡᠭ ᠨᠢ ᠬᠡᠶᠢᠰᠪᠦᠷᠢ᠂ ᠴᠡᠭ ᠲᠡᠮᠳᠡᠭᠴᠢᠯᠡᠬᠦ ᠪᠡᠷ ᠭᠤᠤᠯ ᠴᠤᠭᠴᠠ ᠪᠠᠨ ᠪᠤᠯᠭᠠᠳᠠᠭ᠃ ᠲᠡᠭᠦᠨ ᠦ ᠨᠡᠢᠲᠡᠯᠢᠭ ᠣᠨᠴᠠᠯᠢᠭ ᠨᠢ ᠪᠳᠠᠲᠤ ᠦᠢᠯᠡᠳᠦᠯᠭᠡ ᠶᠢᠨ ᠪᠠᠢᠳᠠᠯ ᠢ ᠱᠠᠭᠠᠷᠳᠠᠬᠤ ᠦᠭᠡᠢ ᠳᠦ ᠣᠷᠤᠰᠢᠨ᠎ᠠ᠃ ᠲᠤᠭᠠᠨ ᠤ ᠤᠬᠠᠭᠠᠨ ᠤ ᠪᠠᠭᠰᠢ ᠶᠢᠨ ᠬᠢᠴᠢᠶᠡᠯ ᠲᠦᠷᠦᠯ ᠦᠨ ᠲᠤᠰᠬᠠᠢ ᠮᠡᠷᠭᠡᠵᠢᠯ ᠦᠨ ᠬᠦᠭᠵᠢᠯᠲᠡ ᠶᠢᠨ ᠦᠨᠳᠦᠰᠦᠨ ᠭᠤᠭᠴᠤᠭ᠎ᠠ ᠪᠤᠯ 《ᠦᠵᠡᠪ ᠳᠦᠷᠰᠦᠯᠢᠭ ᠢ ᠪᠤᠢ ᠪᠤᠯᠭᠠᠬᠤ — ᠤᠬᠠᠭᠳᠠᠬᠤᠨ ᠳᠤ ᠬᠦᠷᠬᠦ — ᠣᠨᠣᠯ ᠳᠦ ᠬᠦᠷᠬᠦ》 ᠶᠠᠪᠤᠳᠠᠯ ᠪᠤᠯᠤᠨ᠎ᠠ᠃ |
Original Literature |
No Original Paper
|
出自 |
内蒙古师范大学学报(自然科学蒙古文版)
2014年
第4期
|