Paper Information


Title ᠲᠤᠭᠠᠨ ᠤ ᠤᠬᠠᠭᠠᠨ ᠤ ᠪᠠᠭᠰᠢ ᠶᠢᠨ ᠲᠤᠰᠬᠠᠢ ᠮᠡᠷᠭᠡᠵᠢᠯ ᠦᠨ ᠮᠡᠳᠡᠯᠭᠡ ᠶᠢᠨ ᠬᠦᠭᠵᠢᠯᠲᠡ ᠶᠢᠨ ᠲᠤᠬᠠᠢ
Creator ᠢᠦᠢ ᠯᠢᠨ; ᠪᠢᠯᠢᠭᠲᠦ
Keyword ᠲᠤᠭᠠᠨ ᠤ ᠤᠠᠬᠭᠠᠨ ᠤ ᠪᠠᠭᠰᠢ; ᠬᠢᠴᠢᠶᠡᠯ ᠲᠦᠷᠦᠯ ᠦᠨ ᠲᠤᠰᠬᠠᠢ ᠮᠡᠷᠭᠡᠵᠢᠯ ᠦᠨ ᠮᠡᠳᠡᠯᠭᠡ; ᠬᠦᠭᠵᠢᠯᠲᠡ ᠶᠢᠨ ᠬᠢᠷᠢ ᠲᠦᠪᠰᠢᠨ; ᠬᠡᠪ ᠵᠠᠭᠪᠤᠷ
Abstract ᠲᠤᠭᠠᠨ ᠤ ᠤᠬᠠᠭᠠᠨ ᠤ ᠪᠠᠭᠰᠢ ᠶᠢᠨ ᠲᠤᠬᠠᠢᠯᠠᠭᠰᠠᠨ ᠠᠵᠢᠯ ᠤᠨ ᠬᠦᠭᠵᠢᠯᠲᠡ ᠶᠢᠨ ᠭᠤᠤᠯ ᠴᠦᠮ᠎ᠡ ᠨᠢ ᠬᠢᠴᠢᠶᠡᠯ ᠲᠦᠷᠦᠯ ᠦᠨ ᠲᠤᠰᠬᠠᠢ ᠮᠡᠷᠭᠡᠵᠢᠯ ᠦᠨ ᠮᠡᠳᠡᠯᠭᠡ ᠶᠢᠨ ᠬᠦᠭᠵᠢᠯᠲᠡ ᠶᠢᠨ ᠬᠢᠷᠢ ᠲᠦᠪᠰᠢᠨ ᠳᠦ ᠪᠤᠢ᠃ ᠲᠤᠭᠠᠨ ᠤ ᠤᠬᠠᠭᠠᠨ ᠤ ᠪᠠᠭᠰᠢ ᠶᠢᠨ ᠬᠢᠴᠢᠶᠡᠯ ᠲᠦᠷᠦᠯ ᠦᠨ ᠲᠤᠰᠬᠠᠢ ᠮᠡᠷᠭᠡᠵᠢᠯ ᠦᠨ ᠮᠡᠳᠡᠯᠭᠡ ᠶᠢᠨ ᠬᠦᠭᠵᠢᠯᠲᠡ ᠶᠢᠨ ᠬᠢᠷᠢ ᠲᠦᠪᠰᠢᠨ ᠢ ᠦᠵᠡᠪ ᠬᠢᠷᠢ ᠲᠦᠪᠰᠢᠨ᠂ ᠤᠬᠠᠭᠳᠠᠬᠤᠨ ᠤ ᠬᠢᠷᠢ ᠲᠦᠪᠰᠢᠨ ᠪᠠ ᠣᠨᠣᠯ ᠤᠨ ᠬᠢᠷᠢ ᠲᠦᠪᠰᠢᠨ ᠭᠡᠵᠦ ᠭᠤᠷᠪᠠᠨ ᠲᠦᠷᠦᠯ ᠳᠦ ᠬᠤᠪᠢᠶᠠᠵᠤ ᠪᠤᠯᠤᠨ᠎ᠠ᠃ ᠡᠭᠦᠨ ᠳᠦ᠂ 《ᠦᠵᠡᠪ ᠬᠢᠷᠢ ᠲᠦᠪᠰᠢᠨ》 ᠭᠡᠳᠡᠭ ᠨᠢ᠂ ᠪᠤᠳᠠᠲᠤ ᠬᠡᠷᠡᠭ᠂ ᠬᠠᠷᠢᠴᠠᠭ᠎ᠠ᠂ ᠠᠷᠭ᠎ᠠ ᠪᠠᠷ ᠭᠤᠤᠯ ᠴᠤᠭᠴᠠ ᠪᠤᠯᠭᠠᠵᠤ᠂ ᠪᠤᠳᠠᠲᠤ ᠶᠠᠪᠤᠳᠠᠯ ᠢᠶᠠᠷ ᠦᠯᠢᠭᠡᠷ ᠵᠢᠱᠢᠶ᠎ᠡ ᠪᠤᠯᠭᠠᠳᠠᠭ; 《ᠤᠬᠠᠭᠳᠠᠬᠤᠨ ᠤ ᠬᠢᠷᠢ ᠲᠦᠪᠰᠢᠨ》 ᠭᠡᠳᠡᠭ ᠨᠢ ᠮᠡᠳᠡᠯᠭᠡ᠂ ᠰᠡᠳᠬᠢᠭᠦᠢ᠂ ᠴᠢᠳᠠᠪᠤᠷᠢ ᠪᠠᠷ ᠭᠤᠤᠯ ᠴᠤᠭᠴᠠ ᠪᠤᠯᠭᠠᠵᠤ᠂ ᠠᠭᠤᠯᠭ᠎ᠠ ᠶᠢᠨ ᠲᠠᠯ᠎ᠠ ᠪᠠᠷ ᠨᠡᠩ ᠡᠩ ᠦᠨ ᠪᠠᠢᠭ᠎ᠠ ᠪᠤᠯᠪᠠᠴᠤ ᠨᠡᠯᠢᠶᠡᠳ ᠢᠯᠡ ᠲᠤᠳᠤ ᠪᠤᠳᠠᠲᠤ ᠦᠢᠯᠡᠳᠦᠯᠭᠡ ᠶᠢᠨ ᠪᠠᠢᠳᠠᠯ ᠢ ᠱᠠᠭᠠᠷᠳᠠᠳᠠᠭ; 《ᠣᠨᠣᠯ ᠤᠨ ᠬᠢᠷᠢ ᠲᠦᠪᠰᠢᠨ》 ᠭᠡᠳᠡᠭ ᠨᠢ ᠬᠡᠶᠢᠰᠪᠦᠷᠢ᠂ ᠴᠡᠭ ᠲᠡᠮᠳᠡᠭᠴᠢᠯᠡᠬᠦ ᠪᠡᠷ ᠭᠤᠤᠯ ᠴᠤᠭᠴᠠ ᠪᠠᠨ ᠪᠤᠯᠭᠠᠳᠠᠭ᠃ ᠲᠡᠭᠦᠨ ᠦ ᠨᠡᠢᠲᠡᠯᠢᠭ ᠣᠨᠴᠠᠯᠢᠭ ᠨᠢ ᠪᠳᠠᠲᠤ ᠦᠢᠯᠡᠳᠦᠯᠭᠡ ᠶᠢᠨ ᠪᠠᠢᠳᠠᠯ ᠢ ᠱᠠᠭᠠᠷᠳᠠᠬᠤ ᠦᠭᠡᠢ ᠳᠦ ᠣᠷᠤᠰᠢᠨ᠎ᠠ᠃ ᠲᠤᠭᠠᠨ ᠤ ᠤᠬᠠᠭᠠᠨ ᠤ ᠪᠠᠭᠰᠢ ᠶᠢᠨ ᠬᠢᠴᠢᠶᠡᠯ ᠲᠦᠷᠦᠯ ᠦᠨ ᠲᠤᠰᠬᠠᠢ ᠮᠡᠷᠭᠡᠵᠢᠯ ᠦᠨ ᠬᠦᠭᠵᠢᠯᠲᠡ ᠶᠢᠨ ᠦᠨᠳᠦᠰᠦᠨ ᠭᠤᠭᠴᠤᠭ᠎ᠠ ᠪᠤᠯ 《ᠦᠵᠡᠪ ᠳᠦᠷᠰᠦᠯᠢᠭ ᠢ ᠪᠤᠢ ᠪᠤᠯᠭᠠᠬᠤ — ᠤᠬᠠᠭᠳᠠᠬᠤᠨ ᠳᠤ ᠬᠦᠷᠬᠦ — ᠣᠨᠣᠯ ᠳᠦ ᠬᠦᠷᠬᠦ》 ᠶᠠᠪᠤᠳᠠᠯ ᠪᠤᠯᠤᠨ᠎ᠠ᠃
Original Literature No Original Paper
出自 内蒙古师范大学学报(自然科学蒙古文版) 2014年 第4期

联系我们


内蒙古大学图书馆
呼和浩特市大学西路235号
中国·内蒙古
P: (0471) 4992561
E: huangfeilong@imu.edu.cn