Title |
ᠮᠡᠳᠡᠯᠭᠡᠲᠦ ᠠᠵᠤ ᠠᠬᠤᠢ ᠶᠢᠨ ᠱᠠᠭᠠᠷᠳᠠᠯᠭ᠎ᠠ ᠳᠤ ᠲᠤᠬᠢᠷᠠᠭᠰᠠᠨ ᠪᠠᠭᠰᠢ ᠶᠢᠨ ᠬᠡᠪ ᠴᠢᠨᠠᠷ ᠤᠨ ᠲᠤᠬᠠᠢ |
Creator |
ᠡᠦ ᠴᠢᠶᠦ᠋ᠨ |
Keyword |
ᠮᠡᠳᠡᠯᠭᠡᠲᠦ ᠠᠵᠤ ᠠᠬᠤᠢ; ᠪᠠᠭᠰᠢ; ᠬᠡᠪ ᠴᠢᠨᠠᠷ |
Abstract |
ᠮᠡᠳᠡᠯᠭᠡᠦ ᠠᠵᠤ ᠠᠬᠤᠢ ᠶᠢᠨ ᠰᠤᠷᠭᠠᠨ ᠬᠦᠮᠦᠵᠢᠯ ᠳᠦ ᠲᠠᠯᠪᠢᠭᠰᠠᠨ ᠲᠡᠷᠢᠭᠦᠨ ᠴᠢᠬᠤᠯᠠ ᠱᠠᠭᠠᠷᠳᠠᠯᠭ᠎ᠠ ᠪᠤᠯ ᠳᠠᠷᠤᠢ ᠰᠤᠷᠭᠠᠨ ᠬᠦᠮᠦᠵᠢᠯ ᠦᠨ ᠴᠢᠳᠠᠮᠵᠢ ᠶᠢ ᠬᠤᠪᠢᠷᠭᠠᠬᠤ ᠶᠠᠪᠤᠳᠠᠯ ᠪᠤᠯᠤᠨ᠎ᠠ᠃ ᠰᠤᠷᠭᠠᠨ ᠬᠦᠮᠦᠵᠢᠯ ᠦᠨ ᠴᠢᠳᠠᠮᠵᠢ ᠨᠢ ᠣᠯᠠᠨ ᠲᠠᠯᠠᠲᠤ ᠴᠢᠨᠠᠷ ᠲᠠᠢ ᠪᠠᠢ᠌ᠵᠤ᠂ ᠬᠠᠮᠤᠭ ᠤᠨ ᠦᠨᠳᠦᠰᠦᠨ ᠴᠢᠳᠠᠮᠵᠢ ᠨᠢ ᠪᠤᠯ ᠬᠦᠮᠦᠨ ᠢ ᠬᠦᠮᠦᠵᠢᠭᠦᠯᠬᠦ ᠳᠦ ᠪᠠᠢ᠌ᠨ᠎ᠠ᠃ ᠤᠳᠤᠮᠰᠢᠯᠲᠤ ᠰᠤᠷᠭᠠᠨ ᠬᠦᠮᠦᠵᠢᠯ ᠨᠢ ᠨᠡᠢ᠌ᠭᠡᠮ ᠦᠨ ᠬᠡᠷᠡᠭᠴᠡᠭᠡ ᠶᠢ ᠰᠤᠷᠭᠠᠨ ᠬᠦᠮᠦᠵᠢᠯ ᠦᠨ ᠬᠡᠷᠡᠭᠴᠡᠭᠡ ᠪᠤᠯᠤᠨ ᠬᠤᠪᠢ ᠶᠢᠨ ᠬᠡᠷᠡᠭᠴᠡᠭᠡ ᠡᠴᠡ ᠳᠡᠭᠡᠭᠦᠷ ᠲᠠᠯᠪᠢᠭᠠᠳ ᠰᠤᠷᠭᠠᠨ ᠬᠦᠮᠦᠵᠢᠯ ᠦᠨ ᠳᠤᠲᠤᠭᠠᠳᠤ ᠶᠢᠨ ᠵᠢᠮ᠎ᠡ ᠶᠤᠰᠤ ᠪᠤᠯᠤᠨ ᠬᠦᠮᠦᠨ ᠦ ᠲᠤᠰ ᠪᠡᠶ᠎ᠡ ᠶᠢᠨ ᠬᠦᠭ᠍ᠵᠢᠯᠲᠡ ᠶᠢᠨ ᠵᠢᠮ᠎ᠡ ᠶᠤᠰᠤ ᠶᠢ ᠲᠡᠷᠰᠡᠯᠵᠦ᠂ ᠬᠦᠮᠦᠵᠢᠭᠦᠯᠦᠭᠰᠡᠨ ᠴᠢᠳᠠᠪᠤᠷᠢᠲᠠᠨ ᠨᠢ ᠣᠳᠣᠬᠢ ᠨᠡᠢ᠌ᠭᠡᠮ ᠦᠨ ᠬᠡᠷᠡᠭᠴᠡᠭᠡ ᠲᠡᠢ ᠲᠤᠬᠢᠷᠠᠯᠴᠠᠬᠤ ᠦᠭᠡᠢ ᠪᠠᠢ᠌ᠭ᠎ᠠ ᠶᠢ ᠲᠤᠰ ᠦᠭᠦᠯᠡᠯ ᠳᠦ ᠮᠡᠳᠡᠯᠭᠡᠲᠦ ᠠᠵᠤ ᠠᠬᠤᠢ ᠶᠢᠨ ᠰᠡᠩᠬᠡᠷᠡᠭᠦᠯᠦᠯ᠂ ᠪᠠᠭᠰᠢ ᠶᠢᠨ ᠬᠡᠪ ᠴᠢᠨᠠᠷ ᠢ ᠳᠡᠭᠡᠭ᠍ᠰᠢᠯᠡᠭᠦᠯᠬᠦ ᠪᠤᠯ ᠱᠠᠭᠠᠷᠳᠠᠯᠭ᠎ᠠ᠂ ᠪᠠᠭᠰᠢ ᠶᠢᠨ ᠬᠡᠪ ᠴᠢᠨᠠᠷ ᠢ ᠳᠡᠭᠡᠭ᠍ᠰᠢᠯᠡᠭᠦᠯᠬᠦ ᠶᠢᠨ ᠠᠷᠭ᠎ᠠ ᠮᠠᠶᠢᠭ ᠭᠡᠬᠦ ᠭᠤᠷᠪᠠᠨ ᠲᠠᠯ᠎ᠠ ᠪᠠᠷ ᠦᠭᠦᠯᠡᠵᠡᠢ᠃ |
Original Literature |
View Original Paper
|
出自 |
赤峰学院学报(蒙文哲学社会科学版)
2008年
第6期
|