| Title |
ᠮᠣᠩᠭᠤᠯ ᠬᠡᠯᠡᠨ ᠤ ᠵᠢᠭᠠᠨ ᠰᠤᠷᠭᠠᠯᠲᠠ ᠳ᠋ᠤ ᠵᠣᠷᠢᠭᠤᠯᠤᠭᠰᠠᠨ ᠣᠨᠢᠰᠤᠭ᠎ᠠ ᠲᠠᠭᠠᠬᠤ ᠫᠷᠦᠭᠷᠡᠮ ᠪᠣᠯᠪᠠᠰᠤᠷᠠᠭᠤᠯᠬᠤ ᠰᠣᠳᠤᠯᠭᠠᠨ |
| Creator |
ᠬᠠᠢ ᠶᠢᠨ ᠬᠤᠸᠠ |
| Keyword |
ᠮᠣᠩᠭᠤᠯ ᠬᠡᠯᠡᠨ ᠤ ᠵᠢᠭᠠᠨ ᠰᠤᠷᠭᠠᠯᠲᠠ︔ ᠣᠨᠢᠰᠤᠭ᠎ᠠ ᠶᠢᠨ ᠬᠦᠮᠦᠷᠭᠡ ︔ ᠣᠨᠢᠰᠤᠭ᠎ᠠ ᠲᠠᠭᠠᠬᠤ ᠫᠷᠦᠭᠷᠡᠮ |
| Abstract |
ᠣᠨᠢᠰᠤᠭ᠎ᠠ ᠪᠤᠯ ᠮᠣᠩᠭᠤᠯ ᠠᠮᠠᠨ ᠵᠤᠬᠢᠶᠠᠯ ᠤᠨ ᠨᠢᠭᠡ ᠲᠦᠷᠦᠯ ᠪᠤᠯᠤᠨ᠎ᠠ᠃ ᠬᠡᠯᠡᠨ ᠤ ᠡᠬᠢ ᠪᠠᠶᠠᠯᠢᠭ ᠢ ᠪᠦᠲᠦᠭᠡᠨ ᠪᠠᠢᠭᠤᠯᠬᠤ ᠬᠣᠪᠢ ᠡᠴᠡ ᠦᠵᠡᠪᠡᠯ᠂ ᠲᠡᠷᠡ ᠪᠤᠯ ᠮᠣᠩᠭᠤᠯ ᠬᠡᠯᠡᠨ ᠤ ᠦᠭᠡ ᠶᠢᠨ ᠰᠠᠩ ᠤᠨ ᠪᠠᠶᠠᠯᠢᠭ ᠢ ᠬᠠᠷᠠᠭᠤᠯᠵᠤ ᠪᠠᠢᠭ᠎ᠠ ᠴᠢᠬᠤᠯᠠ ᠢᠭᠡ ᠬᠡᠯᠡᠨ ᠤ ᠨᠢᠭᠡᠴᠢ ᠪᠤᠯᠤᠨ᠎ᠠ᠃ ᠦᠭᠦᠯᠡᠯ ᠳ᠋ᠤ ᠮᠣᠩᠭᠤᠯ ᠬᠡᠯᠡ ᠪᠢᠴᠢᠭ ᠤᠨ ᠰᠤᠷᠠᠭ ᠵᠠᠩᠭᠢ ᠰᠢᠢᠳᠪᠦᠷᠢᠯᠡᠯᠲᠡ ᠶᠢᠨ ᠡᠯ ᠠ ᠲᠠᠯ ᠠ ᠶᠢᠨ ᠬᠡᠷᠡᠭᠯᠡᠭᠡ ᠬᠢᠭᠡᠳ ᠮᠣᠩᠭᠤᠯ ᠬᠡᠯᠡᠨ ᠤ ᠵᠢᠭᠠᠨ ᠰᠤᠷᠭᠠᠯᠲᠠ ᠶᠢᠨ ᠬᠡᠷᠡᠭᠴᠡᠭᠡᠨ ᠳ᠋ᠤ ᠵᠣᠷᠢᠭᠤᠯᠤᠨ᠂ ᠡᠮᠦᠨᠡᠬᠢ ᠬᠦᠮᠦᠰ ᠤᠨ ᠰᠣᠠᠳᠤᠯᠭᠠᠨ ᠤ ᠦᠷ ᠠ ᠪᠦᠲᠦᠭᠡᠯ ᠪᠣᠯᠬᠤ ᠴᠠᠭᠠᠰᠴᠨ ᠬᠡᠪᠯᠡᠯ ᠤᠨ ᠮᠣᠩᠭᠤᠯ ᠣᠨᠢᠰᠤᠭ᠎ᠠ ᠶᠢᠨ ᠡᠮᠬᠢᠳᠭᠡᠯ᠂ ᠲᠤᠯᠢ ᠪᠢᠴᠢᠭ ᠪᠣᠯᠤᠨ ᠦᠭᠦᠯᠡᠯ ᠵᠤᠬᠢᠶᠠᠯ ᠵᠡᠷᠭᠡ ᠳ᠋ᠤ ᠲᠤᠯᠭᠠᠭᠤᠷᠢᠯᠠᠨ᠂ ᠮᠣᠩᠭᠤᠯ ᠣᠨᠢᠰᠤᠭ᠎ᠠ ᠶᠢᠨ ᠡᠬᠢ ᠪᠠᠶᠠᠯᠢᠭ ᠢ ᠴᠤᠭᠯᠠᠭᠤᠯᠵᠤ᠂ᠡᠮᠬᠢᠳᠭᠡᠵᠦ᠂ ᠲᠤᠭᠠᠵᠢᠭᠤᠯᠬᠤ ᠶᠠᠪᠤᠴᠠ ᠪᠡᠷ ᠲᠠᠮᠵᠢᠨ ᠣᠨᠢᠰᠤᠭ ᠠ ᠶᠢᠨ ᠬᠦᠮᠦᠷᠭᠡ ᠪᠦᠷᠢᠯᠳᠦᠭᠦᠯᠦᠭᠰᠡᠨ ᠮᠦᠷᠲᠡᠭᠡᠨ ᠣᠨᠢᠰᠤᠭ᠎ᠠ ᠲᠠᠭᠠᠬᠤ ᠫᠷᠦᠭᠷᠡᠮ ᠢ ᠪᠣᠯᠪᠠᠰᠤᠷᠠᠭᠤᠯᠤᠭᠰᠠᠨ ᠢ ᠦᠭᠦᠯᠡᠭᠰᠡᠨ ᠪᠠᠢᠨ᠎ᠠ᠃ |
| Original Literature |
No Original Paper
|
| 出自 |
内蒙古大学学报
2023年
第4期
|