Title |
ᠦᠪᠦᠷ ᠮᠣᠩᠭᠤᠯ ᠤᠨ ᠲᠠᠷᠢᠶᠠᠯᠠᠩ ᠤᠨ ᠲᠠᠭᠠᠳᠬᠠᠯ ᠤᠨ ᠬᠦᠭᠵᠢᠯᠲᠡ ᠳ᠋ᠤ ᠣᠷᠤᠰᠢᠵᠤ ᠪᠠᠢᠭ᠎ᠠ ᠠᠰᠠᠭᠤᠳᠠᠯ ᠪᠤᠯᠤᠨ ᠰᠢᠢᠳᠪᠦᠷᠢᠯᠡᠬᠦ ᠠᠷᠭ᠎ᠠ ᠠᠪᠴᠠᠯ |
Creator |
ᠦᠨᠢᠷᠴᠡᠴᠡᠭ |
Keyword |
ᠲᠠᠷᠢᠶᠠᠯᠠᠩ ᠤᠨ ᠲᠠᠭᠠᠳᠬᠠᠯ︔ ᠲᠠᠭᠠᠳᠬᠠᠯ ᠤᠨ ᠲᠦᠯᠦᠪᠦᠷᠢᠯᠡᠭᠰᠡᠨ ᠵᠠᠷᠤᠳᠠᠯ︔ ᠡᠳ᠋ ᠤᠨ ᠵᠠᠰᠠᠭ ᠤᠨ ᠨᠦᠬᠦᠪᠦᠷᠢ |
Abstract |
ᠦᠪᠦᠷ ᠮᠣᠩᠭᠤᠯ ᠪᠣᠯ ᠨᠢᠭᠡᠨ ᠲᠠᠷᠢᠶᠠᠯᠠᠩ ᠤᠨ ᠲᠤᠮᠤ ᠣᠷᠤᠨ ᠪᠠᠢᠵᠤ᠂ ᠮᠠᠰᠢ ᠣᠯᠠᠨ ᠪᠠᠢᠭᠠᠯᠢ ᠶᠢᠨ ᠭᠠᠮᠰᠢᠭ ᠨᠢ ᠦᠪᠦᠷ ᠮᠣᠩᠭᠤᠯ ᠤᠨ ᠲᠠᠷᠢᠶᠠᠯᠠᠩ ᠦᠢᠯᠡᠳᠪᠦᠷᠢᠯᠡᠯ ᠳ᠋ᠤ ᠰᠦᠷᠳᠡᠬᠦᠯᠦᠨ ᠦᠵᠡᠬᠦᠯᠵᠦ ᠪᠠᠢᠨ᠎ᠠ᠃ ᠲᠠᠷᠢᠶᠠᠯᠠᠩ ᠤᠨ ᠲᠠᠭᠠᠳᠬᠠᠯ ᠪᠤᠯ ᠡᠳᠡᠭᠡᠷ ᠭᠠᠮᠰᠢᠭ ᠡᠴᠡ ᠪᠤᠯᠤᠭᠰᠠᠨ ᠬᠤᠪᠢᠷᠠᠯ ᠢ ᠪᠠᠭᠠᠰᠬᠠᠬᠤ ᠨᠢᠭᠡ ᠵᠦᠢᠯ ᠤᠨ ᠴᠢᠬᠤᠯᠠ ᠠᠷᠭ᠎ᠠ ᠪᠠᠷᠢᠯ ᠪᠤᠯᠤᠨ᠎ᠠ᠃ ᠦᠪᠦᠷ ᠮᠣᠩᠭᠤᠯ ᠤᠨ ᠲᠠᠷᠢᠶᠠᠯᠠᠩ ᠤᠨ ᠲᠠᠭᠠᠳᠬᠠᠯ ᠤᠨ ᠪᠦᠲᠦᠭᠡᠭᠳᠡᠬᠦᠨ ᠤ ᠪᠦᠲᠦᠴᠡ ᠨᠢ ᠲᠠᠩ ᠴᠠᠣᠯᠭᠤᠢ᠂ ᠲᠠᠷᠢᠶᠠᠴᠢᠳ ᠤᠨ ᠲᠠᠭᠠᠳᠬᠠᠯ ᠤᠨ ᠦᠵᠡᠯ ᠤᠬᠠᠮᠰᠠᠷ ᠪᠠᠭᠤᠷᠠᠢ᠂ ᠲᠠᠭᠠᠳᠬᠠᠯ ᠳ᠋ᠤ ᠤᠷᠤᠭᠰᠠᠨ ᠨᠣᠷᠮ ᠠ ᠨᠢ ᠲᠤᠤᠷ ᠠ ᠵᠡᠷᠭᠡ ᠠᠰᠠᠭᠤᠳᠠᠯ ᠳ᠋ᠤ ᠴᠢᠭᠯᠡᠬᠦᠯᠦᠨ᠂ ᠲᠤᠭᠠᠳᠬᠠᠯ ᠤᠨ ᠤᠬᠠᠭᠤᠯᠭ᠎ᠠ ᠶᠢᠨ ᠡᠷᠴᠢᠮ ᠢᠢᠡᠨ ᠴᠢᠩᠭᠠᠷᠠᠭᠤᠯᠵᠤ᠂ ᠲᠠᠷᠢᠶᠠᠴᠢᠳ ᠤᠨ ᠲᠠᠭᠠᠳᠬᠠᠯ ᠤᠨ ᠦᠵᠡᠯ ᠤᠬᠠᠮᠰᠠᠷ ᠢ ᠲᠡᠭᠡᠭᠰᠢᠯᠡᠬᠦᠯᠦᠨ᠂ ᠳᠠᠭᠠᠳᠬᠠᠯ ᠤᠨ ᠪᠦᠲᠦᠭᠡᠭᠳᠡᠬᠦᠨ ᠤ ᠰᠢᠨ᠎ᠠ ᠵᠢ ᠡᠭᠦᠳᠬᠦ ᠵᠢ ᠴᠢᠩᠭᠠᠳᠬᠤᠬᠤ ᠵᠡᠷᠭᠡ ᠠᠷᠭ᠎ᠠ ᠪᠠᠷᠢᠯ ᠢᠢᠡᠷ ᠦᠪᠦᠷ ᠮᠣᠩᠭᠤᠯ ᠤᠨ ᠲᠠᠷᠢᠶᠠᠯᠠᠩ ᠤᠨ ᠲᠠᠭᠠᠳᠬᠠᠯ ᠤᠨ ᠬᠦᠭᠵᠢᠯᠲᠡ ᠵᠢ ᠲᠦᠷᠭᠡᠳᠭᠡᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳ᠋ᠤ ᠨᠡᠩ ᠰᠠᠢᠨ ᠦᠢᠯᠡᠴᠢᠯᠡᠬᠦᠯᠦᠨ᠂ ᠬᠦᠳᠡᠭᠡ ᠲᠤᠰᠬᠤᠨ ᠤ ᠠᠵᠤ ᠠᠬᠤᠢ ᠶᠢᠨ ᠪᠦᠬᠦ ᠲᠠᠯ ᠠ ᠪᠡᠷ ᠦᠷᠭᠦᠯᠵᠢᠯᠡᠨ ᠬᠦᠭᠵᠢᠬᠦ ᠳ᠋ᠤ ᠴᠢᠬᠤᠯᠠ ᠦᠢᠯᠡᠳᠦᠯ ᠦᠵᠡᠭᠦᠯᠪᠡᠯ ᠵᠤᠬᠢᠨ᠎ᠠ᠃ |
Original Literature |
No Original Paper
|
出自 |
内蒙古社会科学(蒙文版)
2023年
第1期
|