Title |
ᠲᠣᠭᠠᠴᠢᠯᠠᠭᠰᠠᠨ ᠮᠦᠩᠭᠦᠨ ᠭᠦᠢᠯᠭᠡᠭᠡ ᠪᠡᠷ ᠦᠪᠦᠷ ᠮᠣᠩᠭᠤᠯ ᠤᠨ ᠳᠤᠮᠳᠠ ᠪᠠᠭ᠎ᠠ ᠠᠵᠤ ᠠᠬᠤᠢᠯᠠᠯ ᠤᠨ ᠬᠦᠭᠵᠢᠯᠲᠡ ᠵᠢ ᠲᠦᠯᠬᠢᠨ ᠠᠬᠢᠭᠤᠯᠬᠤ ᠲᠤᠬᠠᠢ |
Creator |
ᠰᠠᠷᠠᠭᠤᠯ︔ ᠵᠸᠦ ᠳ᠋ᠤᠤ ᠶᠦᠨ |
Keyword |
ᠲᠤᠭᠠᠴᠢᠯᠠᠭᠰᠠᠨ ᠮᠦᠩᠭᠦᠨ ᠭᠦᠢᠯᠭᠡᠭᠡ︔ ᠦᠪᠦᠷ ᠮᠣᠩᠭᠤᠯ︔ ᠳᠤᠮᠳᠠ ᠪᠠᠭ᠎ᠠ ᠠᠵᠤ ᠠᠬᠤᠢᠯᠠᠯ |
Abstract |
ᠰᠦᠯᠵᠢᠶᠡᠨ ᠤ ᠴᠠᠭ ᠦᠶ ᠠ ᠳ᠋ᠤ ᠲᠤᠭᠠᠠᠴᠢᠯᠠᠭᠰᠠᠨ ᠮᠦᠩᠭᠦᠨ ᠭᠦᠢᠯᠭᠡᠭᠡ ᠨᠢ ᠠᠭᠠᠵᠠᠢᠮ ᠢᠢᠡᠷ ᠦᠪᠦᠷ ᠮᠣᠩᠭᠤᠯ ᠤᠨ ᠳᠤᠮᠳᠠ ᠪᠠᠭ᠎ᠠ ᠠᠵᠤ ᠠᠬᠤᠢᠯᠠᠯ ᠤᠨ ᠤᠯᠠᠮᠵᠢᠠᠯᠯᠲᠤ ᠮᠦᠩᠦᠨ ᠭᠦᠢᠯᠭᠡᠭᠡᠨ ᠤ ᠵᠠᠬ ᠠ ᠳᠡᠯᠭᠡᠭᠦᠷ ᠤᠨ ᠪᠡᠯᠡ ᠣᠷᠤᠭᠤᠯᠬᠤ ᠵᠠᠮ ᠮᠦᠷ ᠪᠠ ᠠᠷᠭ᠎ᠠ ᠠᠪᠴᠠᠯ ᠢ ᠬᠤᠪᠢᠷᠠᠭᠤᠯᠵᠤ᠂ ᠠᠵᠤ ᠠᠬᠤᠢᠯᠠᠯ ᠤᠨ ᠲᠤᠭᠠᠴᠢᠯᠠᠭᠰᠠᠨ ᠬᠡᠯᠪᠡᠷᠢ ᠶᠢᠨ ᠲᠡᠰ ᠲᠡᠪᠢᠰᠬᠦ ᠳ᠋ᠤ ᠬᠠᠰᠤᠷᠤᠮᠵᠢ ᠪᠣᠯᠳᠠᠭ᠃ ᠲᠤᠭᠠᠣᠢᠯᠠᠭᠰᠠᠨᠮᠦᠩᠭᠦᠨ ᠭᠦᠢᠯᠭᠡᠭᠡ ᠪᠡᠷ ᠦᠪᠦᠷ ᠮᠣᠩᠭᠤᠯ ᠤᠨ ᠳᠤᠮᠳᠠ ᠪᠠᠭ᠎ᠠ ᠠᠵᠤ ᠠᠬᠤᠢᠯᠠᠯ ᠤᠨ ᠬᠦᠭᠵᠢᠯᠲᠡ ᠵᠢ ᠲᠤᠯᠬᠢᠨ ᠠᠬᠢᠭᠤᠯᠬᠤ ᠳ᠋ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠳᠤᠲᠠᠮᠠᠭ᠂ ᠪᠡᠯᠡ ᠮᠦᠩᠦ ᠬᠦᠷᠦᠯᠴᠡᠬᠦ ᠦᠭᠡᠢ᠂ ᠲᠦᠯᠦᠪᠯᠡᠭᠡ ᠪᠡᠷ ᠳᠤᠲᠠᠮᠠᠭ᠂ ᠪᠠᠢᠭᠤᠯᠤᠮᠵᠢ ᠲᠤᠭᠲᠠᠯᠴᠠᠭ᠎ᠠ ᠲᠡᠭᠦᠯᠳᠡᠷᠵᠢᠭᠡᠳᠦᠢ ᠵᠡᠷᠭᠡ ᠠᠰᠠᠭᠤᠳᠠᠯ ᠣᠷᠤᠰᠢᠵᠤ ᠪᠤᠢ᠃ ᠡᠨᠡ ᠭᠦ ᠪᠠᠢᠳᠠᠯ ᠳ᠋ᠤ ᠵᠤᠬᠢᠴᠠᠭᠤᠯᠤᠨ ᠲᠤᠭᠠᠴᠢᠯᠠᠭᠰᠠᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠦᠮᠦᠵᠢᠬᠦᠯᠬᠦ ᠠᠵᠢᠯ ᠢ ᠴᠢᠬᠤᠯᠠᠴᠢᠯᠠᠵᠤ᠂ ᠭᠠᠢᠯᠢ ᠲᠠᠳᠠᠪᠤᠷᠢ ᠶᠢᠨ ᠲᠠᠯ ᠠ ᠪᠡᠷ ᠲᠡᠮᠡᠴᠡᠬᠦ ᠬᠦᠴᠦᠯᠡᠴᠡ ᠪᠠᠨ ᠨᠡᠮᠡᠭᠳᠡᠬᠦᠯᠦᠨ᠂ ᠠᠵᠢᠯ ᠤᠨ ᠲᠦᠯᠦᠪᠯᠡᠭᠡ ᠪᠠᠨ ᠲᠤᠭᠲᠠᠭᠠᠵᠤ᠂ ᠬᠠᠤᠯᠢ ᠲᠦᠷᠢᠮ ᠤᠨ ᠪᠠᠢᠭᠤᠯᠤᠯᠲᠠ ᠵᠢ ᠪᠦᠷᠢᠨᠰᠢᠭᠦᠯᠬᠦ ᠵᠡᠷᠭᠡ ᠠᠷᠭ᠎ᠠ ᠬᠡᠮᠵᠢᠶ ᠠ ᠠᠪᠴᠤ᠂ ᠳᠤᠮᠳᠠ ᠪᠠᠭ ᠠ ᠠᠵᠤ ᠠᠬᠤᠢᠯᠠᠯ ᠤᠨ ᠬᠦᠭᠵᠢᠯᠲᠡ ᠵᠢ ᠲᠦᠯᠬᠢᠨ ᠠᠬᠢᠭᠤᠯᠪᠠᠯ ᠵᠤᠬᠢᠨ᠎ᠠ᠃ |
Original Literature |
No Original Paper
|
出自 |
内蒙古社会科学(蒙文版)
2023年
第3期
|