Paper Information


Title ᠵᠤᠩᠰᠢ -6 ᠳᠤ ᠬᠢ ᠷᠦᠳᠠ ᠶᠢ ᠨᠢᠮᠭᠡᠨ ᠲᠠᠪᠬᠤᠷᠭ᠎ᠠ ᠶᠢᠨ ᠦᠩᠭᠡ ᠶᠢᠨ ᠵᠢᠭ᠌ᠰᠠᠯ ᠤᠨ ᠠᠷᠭ᠎ᠠ ᠪᠡᠷ ᠢᠯᠭᠠᠨ ᠲᠠᠨᠢᠬᠤ ᠰᠤᠳᠤᠯᠭ᠎ᠠ
Creator ᠯᠢ ᠱᠤ ᠶᠠᠨ; ᠪᠠᠭᠠᠨ᠎ᠠ; ᠢᠯᠠᠨ᠎ᠠ
Keyword ᠵᠤᠩᠰᠢ -6; ᠷᠦᠳᠠ; ᠷᠦᠳᠠ ᠶᠢᠨ ᠪᠠᠷᠢᠮᠵᠢᠶ᠎ᠠ ᠬᠠᠷᠢᠴᠠᠭᠤᠯᠤᠭᠴᠢ ᠪᠤᠳᠠᠰ; ᠨᠢᠮᠭᠡᠨ ᠲᠠᠪᠬᠤᠷᠭ᠎ᠠ ᠶᠢᠨ ᠦᠩᠭᠡ ᠶᠢᠨ ᠵᠢᠭ᠌ᠰᠠᠯ ᠤᠨ ᠠᠷᠭ᠎ᠠ
Abstract ᠵᠤᠷᠢᠯᠭ᠎ᠠ᠄ ᠮᠤᠩᠭ᠋ᠤᠯ ᠨᠠᠢ᠌ᠷᠠᠯᠭᠠᠳᠤ ᠡᠮ ᠵᠤᠩᠰᠢ -6 ᠳᠤ ᠬᠢ ᠷᠦᠳᠠ ᠶᠢ ᠨᠢᠮᠭᠡᠨ ᠲᠠᠪᠬᠤᠷᠭ᠎ᠠ ᠶᠢᠨ ᠦᠩᠭᠡ ᠶᠢᠨ ᠵᠢᠭ᠌ᠰᠠᠯ ᠤᠨ ᠠᠷᠭ᠎ᠠ ᠪᠡᠷ ᠢᠯᠭᠠᠨ ᠲᠠᠨᠢᠬᠤ ᠳᠤ ᠲᠤᠷᠰᠢᠯᠳᠠ ᠶᠢᠨ ᠪᠠᠷᠢᠮᠳᠠ ᠶᠢ ᠤᠯᠭᠤᠨ᠎ᠠ᠃ ᠠᠷᠭ᠎ᠠ᠄ ᠨᠢᠮᠭᠡᠨ ᠲᠠᠪᠬᠤᠷᠭ᠎ᠠ ᠶᠢᠨ ᠦᠩᠭᠡ ᠶᠢᠨ ᠵᠢᠭ᠌ᠰᠠᠯ ᠤᠨ ᠠᠷᠭ᠎ᠠ ᠪᠡᠷ ᠵᠤᠩᠰᠢ -6 ᠳᠤ ᠬᠢ ᠷᠦᠳᠠ ᠶᠢ ᠴᠢᠨᠠᠷ ᠤᠨ ᠲᠠᠯ᠎ᠠ ᠪᠡᠷ ᠨᠢ ᠢᠯᠭᠠᠪᠤᠷᠢᠯᠠᠪᠠ᠃ ᠦᠷ᠎ᠡ ᠳ᠋ᠦᠩ᠄ ᠨᠢᠮᠭᠡᠨ ᠲᠠᠪᠬᠤᠷᠭ᠎ᠠ ᠶᠢᠨ ᠦᠩᠭᠡ ᠶᠢᠨ ᠵᠢᠭ᠌ᠰᠠᠯ ᠤᠨ ᠠᠨᠠᠯᠢᠰ ᠤᠨ ᠠᠷᠭ᠎ᠠ ᠪᠡᠷ ᠰᠢᠨᠵᠢᠯᠡᠬᠦ ᠳᠤ᠂ ᠷᠦᠳᠡ ᠶᠢᠨ ᠪᠠᠷᠢᠮᠵᠢᠶ᠎ᠠ ᠬᠠᠷᠢᠴᠠᠭᠤᠯᠤᠭᠴᠢ ᠪᠤᠳᠠᠰ ᠤᠨ ᠠᠭᠤᠰᠤᠮᠠᠯ ᠪᠤᠯᠤᠨ ᠦᠯᠢᠭᠡᠷ ᠡᠳ᠋ ᠤᠨ ᠠᠭᠤᠰᠤᠮᠠᠯ ᠨᠢ ᠬᠠᠷᠠᠭᠠᠯᠵᠠᠭᠰᠠᠨ ᠠᠳᠠᠯᠢ ᠨᠢᠭᠡᠨ ᠪᠠᠢ᠌ᠷᠢ ᠳᠤ ᠠᠳᠠᠯᠢᠬᠠᠨ ᠦᠩᠭᠡ ᠲᠠᠢ ᠲᠤᠯᠪᠤ ᠢᠯᠡᠷᠡᠪᠡ᠃ ᠡᠢ᠌ᠮᠤ ᠡᠴᠡ᠂ ᠵᠤᠩᠰᠢ -6 ᠳᠤ ᠷᠦᠳᠡ ᠶᠢᠨ ᠤᠨᠴᠠᠯᠢᠭ ᠪᠦᠬᠦᠢ ᠬᠢᠮᠢ ᠶᠢᠨ ᠪᠦᠷᠢᠯᠳᠦᠬᠦᠨ ᠠᠭᠤᠯᠤᠭᠳᠠᠵᠤ ᠪᠠᠢ᠌ᠬᠤ ᠶᠢ ᠮᠡᠳᠡᠪᠡ᠃ ᠳ᠋ᠦᠩᠨᠡᠯᠳᠡ᠄ ᠮᠤᠩᠭ᠋ᠤᠯ ᠨᠠᠢ᠌ᠷᠠᠯᠭᠠᠳᠤ ᠡᠮ ᠵᠤᠩᠰᠢ -6 ᠳᠤ ᠬᠢ ᠷᠦᠳᠡ ᠶᠢ ᠢᠯᠭᠠᠨ ᠲᠠᠨᠢᠬᠤ ᠪᠠ -6 ᠶᠢᠨ ᠴᠢᠨᠠᠷ ᠴᠢᠨᠰᠠᠭ᠎ᠠ ᠶᠢ ᠡᠵᠡᠮᠰᠢᠬᠦ ᠳᠤ ᠨᠢᠮᠭᠡᠨ ᠲᠠᠪᠬᠤᠷᠭ᠎ᠠ ᠶᠢᠨ ᠦᠩᠭᠡ ᠶᠢᠨ ᠵᠢᠭ᠌ᠰᠠᠯ ᠤᠨ ᠠᠷᠭ᠎ᠠ ᠶᠢ ᠬᠡᠷᠡᠭᠯᠡᠵᠦ ᠪᠤᠯᠤᠨ᠎ᠠ᠃
Original Literature View Original Paper
出自 内蒙古民族大学学报(蒙医药学) 2014年 第1期

联系我们


内蒙古大学图书馆
呼和浩特市大学西路235号
中国·内蒙古
P: (0471) 4992561
E: huangfeilong@imu.edu.cn