Abstract |
ᠢᠯ ᠬᠠᠳ ᠤᠨ ᠪᠢᠴᠢᠭ ᠨᠢ 13-14ᠳ᠋ᠤᠭᠡᠷ ᠵᠠᠭᠨᠤ ᠤ ᠦᠶ ᠡ ᠳ᠋ᠤ ᠤᠢᠭᠤᠷᠵᠢᠨ ᠮᠣᠩᠭᠤᠯ ᠪᠢᠴᠢᠭ ᠢᠢᠡᠷ ᠪᠢᠴᠢᠭᠳᠡᠭᠰᠡᠨ ᠮᠣᠩᠭᠤᠯ ᠬᠠᠭᠠᠳᠢᠵᠠᠭᠤᠷᠲᠠᠳ ᠤᠨ ᠳᠠᠭᠠᠲᠠ ᠬᠠᠷᠢᠯᠴᠠᠭᠠᠨ ᠤ ᠪᠢᠴᠢᠭ ᠪᠯᠤᠤᠭᠰᠠᠨ ᠤ ᠬᠤᠪᠢ ᠳ᠋ᠤ ᠲᠡᠦᠬᠡ᠂ ᠬᠡᠯᠡ᠂ ᠦᠰᠦᠭ ᠪᠢᠴᠢᠭ ᠤᠨ ᠰᠣᠳᠤᠯᠭᠠᠨ ᠳ᠋ᠤ ᠴᠢᠬᠤᠯᠠ ᠠᠴᠢ ᠬᠣᠯᠪᠤᠭᠳᠠᠯ ᠲᠠᠢ ᠰᠣᠷᠪᠤᠯᠵᠢ ᠪᠴᠢᠢᠭ ᠪᠤᠯᠬᠤ ᠶᠤᠮ᠃ ᠦᠩᠭᠡᠷᠡᠭᠰᠡᠨ ᠳ᠋ᠤ ᠡᠷᠳᠡᠮᠲᠡᠳ ᠢᠯ ᠬᠠᠳ ᠤᠨ ᠪᠢᠴᠢᠭ ᠢ ᠠᠳᠠᠯᠢ ᠪᠤᠰᠤ ᠬᠠᠷᠭᠠᠰᠤ ᠡᠴᠡ ᠰᠣᠳᠤᠯᠵᠤ᠂ ᠲᠣᠷᠪᠢᠲᠠᠢ ᠦᠭᠦᠯᠡᠯ ᠵᠤᠬᠢᠶᠠᠯ ᠢ ᠲᠤᠭᠤᠷᠪᠢᠨ ᠨᠡᠢᠲᠡᠯᠡᠭᠦᠯᠦᠭᠰᠡᠨ ᠪᠦᠭᠡᠳ ᠢᠳᠡᠭᠡᠬᠦᠯᠬᠦ ᠬᠦᠴᠦᠨ ᠪᠦᠬᠦᠢ ᠦᠵᠡᠯᠲᠡ ᠨᠣᠭᠦᠳ ᠢ ᠲᠤᠷᠠᠳᠴᠠᠢ᠃ ᠭᠡᠪᠡᠴᠦ ᠢᠯ ᠬᠠᠳ ᠤᠨ ᠪᠢᠴᠢᠭ ᠤᠨ ᠲᠤᠬᠠᠢ ᠵᠠᠷᠢᠮ ᠨᠠᠷᠢᠨ ᠵᠦᠢᠯᠡᠰ ᠤᠨ ᠰᠣᠳᠤᠯᠭᠠᠨ ᠨᠢ ᠴᠢᠨᠠᠭᠰᠢᠲᠠ ᠬᠦᠨᠵᠡᠭᠡᠢᠢᠷᠡᠬᠦᠯᠬᠦ ᠴᠢᠬᠤᠯᠠᠲᠠᠢ ᠪᠠᠢᠨ᠎ᠠ᠃ ᠦᠭᠦᠯᠡᠯ ᠳ᠋ᠤ ᠵᠤᠬᠢᠶᠠᠭᠴᠢ ᠪᠡᠷ ᠢᠯ ᠬᠠᠳ ᠤᠨ ᠪᠢᠴᠢᠭ ᠤᠨ ᠠᠭᠤᠯᠭ᠎ᠠ ᠵᠢ ᠰᠢᠬᠦᠨ ᠤᠩᠰᠢᠭᠰᠠᠨ ᠤ ᠰᠠᠭᠤᠷᠢᠨ ᠳᠡᠭᠡᠷ ᠠ ᠲᠤᠬᠠᠢ ᠶᠢᠨ ᠦᠶ ᠡ ᠶᠢᠨ ᠵᠠᠬᠢᠳᠠᠯ ᠬᠠᠷᠢᠯᠴᠠᠭᠠᠨ ᠤ ᠪᠢᠴᠢᠭ ᠤᠨ ᠪᠢᠴᠢᠯᠭᠡ ᠶᠢᠨ ᠬᠡᠪᠰᠢᠯ ᠬᠢᠭᠡᠳ ᠨᠡᠢᠲᠡᠯᠢᠭ ᠣᠨᠴᠠᠯᠢᠭ ᠢ ᠰᠢᠨᠵᠢᠯᠡᠨ ᠲᠤᠳᠤᠷᠠᠭᠤᠯᠵᠤ ᠬᠤᠷᠢᠶᠠᠩᠭᠤᠢᠯᠠᠨ ᠳ᠋ᠦᠩᠨᠡᠪᠡ᠃ |