Title |
ᠬᠡᠯᠡᠨ ᠤ ᠪᠤᠰᠤ ᠲᠠᠮᠵᠢᠭᠤᠯᠭ᠎ᠠ ᠶᠢᠨ ᠬᠠᠷᠭᠠᠰᠤ ᠡᠴᠡ ᠮᠣᠩᠭᠤᠯᠴᠤᠳ ᠤᠨ ᠴᠠᠭ ᠤᠨ ᠦᠷᠲᠡᠭ ᠤᠨ ᠬᠦᠭᠡᠭᠡᠴᠡᠯᠳᠦᠯ ᠢ ᠰᠢᠨᠵᠢᠯᠡᠬᠦ ᠨᠢ |
Creator |
ᠳᠠᠭᠤᠯᠠ |
Keyword |
ᠮᠣᠩᠭᠤᠯᠴᠤᠳ︔ ᠬᠡᠯᠡᠨ ᠤ ᠪᠤᠰᠤ ᠲᠠᠮᠵᠢᠭᠤᠯᠭ᠎ᠠ︔ ᠴᠠᠭ ᠤᠨ ᠦᠷᠲᠡᠭ ᠤᠨ ᠬᠦᠭᠡᠭᠡᠴᠡᠯᠳᠦᠯ |
Abstract |
ᠴᠠᠭ ᠤᠨ ᠬᠡᠯᠡᠨ ᠤ ᠪᠠᠰᠤ ᠳᠠᠮᠵᠢᠭᠤᠯᠭ᠎ᠠ ᠶᠢᠨ ᠴᠢᠬᠤᠯᠠ ᠨᠢᠭᠡᠨ ᠪᠦᠷᠢᠯᠳᠦᠬᠦᠨ ᠪᠤᠯᠬᠤ ᠮᠦᠷᠲᠡᠭᠡᠨ ᠬᠦᠮᠦᠰ ᠤᠨ ᠬᠠᠷᠢᠯᠴᠠᠭᠠᠨ ᠳ᠋ᠤ ᠤᠮᠳᠤᠭᠠᠢᠯᠠᠵᠤ ᠪᠤᠯᠤᠰᠢ ᠦᠭᠡᠢ ᠦᠢᠯᠡᠳᠦᠯ ᠦᠵᠡᠬᠦᠯᠵᠦ ᠪᠠᠢᠳᠠᠭ᠃ ᠮᠣᠩᠭᠤᠯ ᠦᠨᠳᠦᠰᠦᠲᠡᠨ ᠤ ᠴᠠᠭ ᠤᠨ ᠬᠡᠯᠡ ᠨᠢ ᠨᠡᠭᠦᠳᠡᠯᠯᠡᠨ ᠮᠠᠯᠵᠢᠬᠤ ᠠᠮᠢᠳᠤᠷᠠᠯ ᠤᠨ ᠬᠡᠯᠪᠡᠷᠢ ᠲᠠᠢ ᠨᠢ ᠢᠨᠭᠲᠠ ᠬᠣᠯᠪᠤᠭ᠎ᠠ ᠲᠠᠢ ᠪᠣᠯᠬᠤᠷ ᠪᠠᠯᠠᠷᠬᠠᠢ ᠴᠠᠭ ᠤᠨ ᠰᠢᠨᠵᠢ ᠪᠡᠷ ᠴᠢᠩᠭ᠎ᠠ ᠮᠦᠷᠲᠡᠭᠡᠨ ᠴᠠᠭ ᠤᠨ ᠦᠷᠲᠡᠭ ᠤᠨ ᠬᠦᠭᠡᠭᠡᠴᠡᠯᠳᠦᠯ ᠤᠨ ᠬᠤᠪᠢ ᠳ᠋ᠤ ᠨᠢᠭᠲᠠ ᠬᠣᠯᠪᠤᠭ᠎ᠠ ᠲᠠᠢ ᠪᠣᠯᠬᠤᠷ ᠪᠠᠯᠠᠷᠬᠠᠢ ᠴᠠᠭ ᠤᠨ ᠬᠣᠪᠢ ᠳ᠋ᠤ ᠦᠪᠡᠷᠮᠢᠴᠡ ᠰᠣᠶᠤᠯ ᠤᠨ ᠣᠨᠴᠠᠯᠢᠭ ᠲᠠᠢ᠃ ᠮᠣᠩᠭᠤᠯ ᠰᠣᠷᠪᠤᠯᠵᠢ ᠮᠠᠲ᠋ᠸᠷᠢᠶᠠᠯ ᠬᠢᠭᠡᠳ ᠬᠡᠯᠡᠴᠡ ᠦᠭᠡ ᠡᠴᠡ ᠨᠠᠷᠢᠪᠴᠢᠯᠠᠨ ᠰᠢᠨᠵᠢᠯᠡᠪᠡᠯ᠂ ᠮᠣᠩᠭᠤᠯᠴᠤᠳ ᠤᠨ ᠴᠠᠭ ᠤᠨ ᠬᠡᠷᠡᠭᠯᠡᠭᠡᠨ ᠳ᠋ᠤ ᠦᠩᠭᠡᠷᠡᠭᠰᠡᠨ᠂ ᠤᠳᠤ᠂ ᠢᠷᠡᠭᠡᠳᠦᠢ ᠴᠠᠭ ᠤᠨ ᠦᠷᠲᠡᠭ ᠤᠨ ᠬᠦᠭᠡᠭᠡᠴᠡᠯᠳᠦᠯ ᠲᠠᠢ ᠪᠦᠭᠡᠳ ᠦᠩᠭᠡᠷᠡᠭᠰᠡᠨ ᠨᠢ ᠤᠳᠤ ᠳ᠋ᠤ ᠮᠦᠷᠳᠡᠯ ᠲᠠᠭᠤᠷᠢᠶᠠᠯ ᠪᠤᠯᠬᠤ᠂ ᠤᠳᠤ ᠪᠠᠨ ᠰᠠᠢᠲᠤᠷ ᠡᠵᠡᠮᠳᠡᠬᠦ᠂ ᠢᠷᠡᠭᠡᠳᠦᠢ ᠵᠢ ᠤᠳᠤ ᠡᠴᠡ ᠲᠦᠰᠦᠪᠯᠡᠵᠦ ᠪᠡᠯᠡᠳᠬᠡᠭᠦ ᠭᠡᠬᠦ ᠦᠩᠭᠡᠷᠡᠭᠰᠡᠨ᠂ ᠤᠳᠤ᠂ ᠢᠷᠡᠭᠡᠳᠦᠢ ᠭᠤᠷᠪᠠᠨ ᠴᠠᠭ ᠤᠨ ᠬᠠᠷᠢᠴᠠᠭᠠᠨ ᠳ᠋ᠤ ᠬᠤᠪᠢᠰᠤᠩᠭᠤᠢ ᠬᠠᠨᠳᠤᠬᠤ ᠭᠦᠨ ᠤᠬᠠᠭᠠᠨᠯᠢᠭ ᠦᠵᠡᠯᠲᠡ ᠲᠠᠨᠢᠯᠲᠠ ᠲᠠᠢ᠃ ᠲᠠᠩ ᠡᠰᠢᠲᠦ ᠴᠠᠭ ᠬᠢᠭᠡᠳ ᠣᠯᠠᠨ ᠡᠰᠢᠲᠦ ᠴᠠᠭ ᠤᠨ ᠦᠷᠲᠡᠭ ᠤᠨ ᠬᠦᠭᠡᠭᠡᠴᠡᠯᠳᠦᠯ ᠪᠦᠷ ᠪᠠᠢᠬᠤ ᠪᠣᠯᠪᠠᠴᠤ ᠬᠠᠷᠢᠴᠠᠩᠭᠤᠢ ᠪᠡᠷ ᠣᠯᠠᠨ ᠡᠰᠢᠲᠤ ᠴᠠᠭ ᠤᠨ ᠦᠷᠲᠡᠭ ᠤᠨ ᠬᠦᠭᠡᠭᠡᠴᠡᠯᠳᠦᠯ ᠨᠢ ᠳᠠᠪᠠᠭᠤᠯᠢᠭ ᠪᠠᠢᠳᠠᠭ᠃ |
Original Literature |
No Original Paper
|
出自 |
内蒙古社会科学(蒙文版)
2024年
第1期
|