| Abstract |
ᠬᠡᠯᠡᠨ ᠤ ᠠᠵᠦ ᠦᠢᠯᠡᠰ ᠪᠤᠯ ᠰᠢᠨ᠎ᠠ ᠪᠡᠷ ᠪᠤᠢ ᠪᠤᠯᠤᠭᠰᠠᠨ ᠨᠢᠭᠡ ᠵᠦᠢᠯ ᠤᠨ ᠠᠵᠦ ᠦᠢᠯᠡᠰ ᠤᠨ ᠬᠡᠯᠪᠡᠷᠢ᠂《 ᠰᠢᠨ᠎ᠠ ᠨᠡᠢᠭᠡᠮ ᠤᠨ ᠰᠢᠨᠵᠢᠯᠡᠬᠦ ᠤᠬᠠᠭᠠᠨ》 ᠭᠡᠬᠦ ᠰᠢᠨ᠎ᠠ ᠤᠨᠤᠯ ᠤᠨ ᠦᠢᠯᠡᠳᠦᠯᠭᠡ ᠶᠢᠨ ᠦᠷ ᠡ ᠪᠦᠲᠦᠭᠡᠯ ᠪᠤᠯᠬᠤ ᠶᠤᠮ᠃ ᠬᠦᠯᠦᠨ ᠪᠤᠢᠷ ᠬᠤᠲᠠ ᠨᠢ ᠮᠣᠩᠭᠤᠯ ᠤᠷᠤᠰ ᠲᠠᠢ ᠬᠢᠯᠢ ᠨᠡᠢᠯᠡᠵᠦ᠂ ᠣᠯᠠᠨ ᠴᠦᠬᠡᠨ ᠲᠤᠭᠠᠲᠤ ᠦᠨᠳᠦᠰᠦᠲᠡᠨ ᠬᠣᠯᠢᠯᠲᠤᠨ ᠰᠠᠭᠤᠷᠢᠰᠢᠭᠰᠠᠨ ᠵᠡᠷᠭᠡ ᠦᠪᠡᠷᠮᠢᠴᠡ ᠣᠨᠴᠠᠯᠢᠭ ᠡᠴᠡ ᠪᠠᠨ ᠪᠤᠯᠵᠤ ᠬᠡᠯᠡᠨ ᠤ ᠡᠬᠢ ᠪᠠᠶᠠᠯᠢᠭ ᠮᠠᠰᠢ ᠡᠯᠪᠡᠭ᠂ ᠬᠡᠯᠡᠨ ᠤ ᠠᠵᠦ ᠦᠢᠯᠡᠰ ᠨᠢ ᠴᠦ ᠦᠪᠡᠷᠮᠢᠴᠡ ᠣᠨᠴᠠᠯᠢᠭ ᠲᠠᠢ᠃ ᠬᠦᠯᠦᠨ ᠪᠤᠢᠷ ᠬᠤᠲᠠ ᠳ᠋ᠤ ᠬᠡᠯᠡᠨ ᠤ ᠠᠵᠦ ᠦᠢᠯᠡᠰ ᠢ ᠬᠦᠭᠵᠢᠬᠦᠯᠬᠦ ᠨᠢ ᠲᠤᠰ ᠭᠠᠵᠠᠷ ᠤᠷᠤᠨ ᠤ ᠠᠵᠤ ᠠᠬᠤᠢ ᠶᠢᠨ ᠬᠦᠭᠵᠢᠯᠲᠡ ᠳ᠋ᠤ ᠴᠢᠬᠤᠯᠠ ᠲᠦᠯᠬᠢᠴᠡ ᠬᠦᠴᠦᠨ ᠪᠤᠯᠤᠨ᠎ᠠ᠃ |