Title |
ᠲᠤᠤ ᠰᠢᠩ ᡁᠢ ᠶᠢᠨ ᠰᠤᠷᠭ᠋ᠠᠨ ᠬᠦᠮᠦᠵᠢᠯ ᠦᠨ ᠦᠵᠡᠯ ᠰᠠᠨ᠋ᠠᠭ᠎ᠠ ᠬᠢᠭᠡᠳ ᠬᠡᠪ ᠴᠢᠨ᠋ᠠᠷ ᠤᠨ ᠰᠤᠷᠭ᠋ᠠᠨ ᠬᠦᠮᠦᠵᠢᠯ ᠬᠢᠬᠦ ᠲᠤᠬᠠᠢ |
Creator |
ᠪᠤᠤ ᠵᠢᠩ ᠴᠢᠤᠸᠠᠨ |
Keyword |
ᠲᠤᠤ ᠰᠢᠩ ᡁᠢ ᠶᠢᠨ ᠰᠤᠷᠭ᠋ᠠᠨ ᠬᠦᠮᠦᠵᠢᠯ ᠦᠨ ᠦᠵᠡᠯ ᠰᠠᠨ᠋ᠠᠭ᠎ᠠ; ᠠᠮᠢᠳᠤᠷᠠᠯ ᠤᠨ ᠰᠤᠷᠭ᠋ᠠᠨ ᠬᠦᠮᠦᠵᠢᠯ ᠦᠨ ᠣᠨ᠋ᠣᠯ; ᠬᠡᠪ ᠴᠢᠨ᠋ᠠᠷ ᠤᠨ ᠰᠤᠷᠭ᠋ᠠᠨ ᠬᠦᠮᠦᠵᠢᠯ |
Abstract |
ᠲᠤᠤ ᠰᠢᠩ ᡁᠢ ᠠᠪᠤᠭ᠋ᠠᠢ ᠶᠢᠨ ᠳᠤᠷᠠᠳᠤᠭᠰᠠᠨ ᠠᠮᠢᠳᠤᠷᠠᠯ ᠪᠤᠯ ᠰᠤᠷᠭ᠋ᠠᠨ ᠬᠦᠮᠦᠵᠢᠯ ᠮᠦᠨ ᠭᠡᠬᠦ ᠣᠨ᠋ᠣᠯ ᠨᠢ ᠬᠡᠪ ᠴᠢᠨ᠋ᠠᠷ ᠤᠨ ᠰᠤᠷᠭ᠋ᠠᠨ ᠬᠦᠮᠦᠵᠢᠯ ᠯᠦᠭᠡ ᠣᠯᠠᠨ ᠲᠠᠯ᠎ᠠ ᠶᠢᠨ ᠬᠠᠷᠢᠯᠴᠠᠨ ᠨᠡᠪᠴᠢᠭᠰᠡᠨ ᠭᠠᠵᠠᠷ ᠪᠠᠢᠨ᠎ᠠ᠃ ᠴᠢᠳᠠᠪᠤᠷᠢᠲᠠᠨ ᠤ ᠲᠤᠬᠠᠢ ᠵᠦᠪ ᠣᠢᠯᠠᠭ᠋ᠠᠭᠳᠠᠬᠤᠨ ᠢ ᠪᠤᠢ ᠪᠤᠯᠭ᠋ᠠᠵᠤ᠂ ᠲᠤᠤ ᠰᠢᠩ ᡁᠢ ᠶᠢᠨ ᠰᠤᠷᠤᠭᠴᠢ ᠡᠯᠰᠡᠬᠦ᠂ ᠰᠢᠯᠭ᠋ᠠᠬᠤ ᠠᠷᠭ᠎ᠠ ᠠᠪᠴᠠᠯ ᠢᠶᠠᠷ ᠴᠢᠳᠠᠪᠤᠷᠢᠲᠠᠨ ᠢ ᠰᠤᠩᠭᠤᠨ ᠰᠢᠯᠭ᠋ᠠᠷᠠᠭ᠋ᠤᠯᠬᠤ ᠪᠠᠷᠢᠮᠵᠢᠶ᠎ᠠ ᠶᠢ ᠦᠭᠡᠷᠡᠴᠢᠯᠡᠬᠦ; ᠪᠠᠭᠰᠢ ᠶᠢᠨ ᠴᠢᠨ᠋ᠠᠷ ᠴᠢᠨᠰᠠᠭ᠎ᠠ ᠶᠢᠨ ᠲᠤᠬᠠᠢ ᠵᠦᠪ ᠣᠢᠯᠠᠭ᠋ᠠᠭᠳᠠᠬᠤᠨ ᠢ ᠪᠤᠢ ᠪᠤᠯᠭ᠋ᠠᠵᠤ᠂ ᠲᠤᠤ ᠰᠢᠩ ᡁᠢ ᠶᠢᠨ ᠳᠤᠷᠠᠳᠤᠭᠰᠠᠨ ᠪᠠᠭᠰᠢ ᠶᠢᠨ ᠴᠢᠨ᠋ᠠᠷ ᠴᠢᠨᠰᠠᠭ᠋ᠠ ᠶᠢᠨ ᠪᠠᠷᠢᠮᠵᠢᠶ᠎ᠠ ᠪᠠᠷ ᠪᠠᠭᠰᠢ ᠶᠢᠨ ᠶᠡᠷᠦᠩᠬᠡᠢᠯᠡᠭᠰᠡᠨ ᠴᠢᠨ᠋ᠠᠷ ᠴᠢᠨᠰᠠᠭ᠎ᠠ ᠶᠢ ᠳᠡᠭᠡᠭᠰᠢᠯᠡᠭᠦᠯᠬᠦ; ᠵᠢᠭ᠋ᠠᠨ ᠰᠤᠷᠭ᠋ᠠᠬᠤ ᠶᠢᠨ ᠵᠦᠪ ᠣᠢᠯᠠᠭ᠋ᠠᠭᠳᠠᠬᠤᠨ ᠢ ᠪᠤᠢ ᠪᠤᠯᠭ᠋ᠠᠵᠤ᠂ ᠲᠤᠤ ᠰᠢᠩ ᡁᠢ ᠶᠢᠨ 《ᠵᠢᠭ᠋ᠠᠬᠤ ᠰᠤᠷᠬᠤ ᠬᠢᠬᠦ ᠶᠢ ᠨᠢᠭᠡᠳᠭᠡᠬᠦ》 ᠰᠤᠷᠭ᠋ᠠᠨ ᠬᠦᠮᠦᠵᠢᠯ ᠦᠨ ᠦᠵᠡᠯ ᠰᠠᠨ᠋ᠠᠭ᠎ᠠ ᠪᠠᠷ ᠤᠯᠠᠮᠵᠢᠯᠠᠯᠲᠤ ᠵᠢᠭ᠋ᠠᠨ ᠰᠤᠷᠭ᠋ᠠᠯᠲᠠ ᠶᠢᠨ ᠠᠷᠭ᠎ᠠ ᠬᠡᠯᠪᠡᠷᠢ ᠶᠢ ᠦᠭᠡᠷᠡᠴᠢᠯᠡᠬᠦ; ᠰᠤᠷᠭ᠋ᠠᠨ ᠬᠦᠮᠦᠵᠢᠯ ᠦᠨ ᠲᠤᠬᠠᠢ ᠵᠦᠪ ᠣᠢᠯᠠᠭ᠋ᠠᠭᠳᠠᠬᠤᠨ ᠢ ᠪᠤᠢ ᠪᠤᠯᠭ᠋ᠠᠵᠤ᠂ ᠲᠤᠤ ᠰᠢᠩ ᡁᠢ ᠶᠢᠨ 《ᠠᠮᠢᠳᠤᠷᠠᠯ ᠪᠤᠯ ᠰᠤᠷᠭ᠋ᠠᠨ ᠬᠦᠮᠦᠵᠢᠯ》᠂ 《ᠨᠡᠢᠭᠡᠮ ᠪᠤᠯ ᠰᠤᠷᠭ᠋ᠠᠭ᠋ᠤᠯᠢ》 ᠭᠡᠬᠦ ᠦᠵᠡᠯ ᠰᠠᠨ᠋ᠠᠭ᠎ᠠ ᠪᠠᠷ ᠲᠦᠭᠵᠢᠮᠡᠯ ᠵᠢᠭ᠋ᠠᠨ ᠰᠤᠷᠭ᠋ᠠᠯᠲᠠ ᠶᠢᠨ ᠵᠤᠬᠢᠶᠠᠨ ᠪᠠᠢᠭ᠋ᠤᠯᠬᠤ ᠬᠡᠯᠪᠡᠷᠢ ᠶᠢ ᠨᠡᠭᠡᠭᠡᠮᠡᠯ ᠵᠢᠭ᠋ᠠᠨ ᠰᠤᠷᠭ᠋ᠠᠯᠲᠠ ᠶᠢᠨ ᠵᠤᠬᠢᠶᠠᠨ ᠪᠠᠢᠭ᠋ᠤᠯᠬᠤ ᠬᠡᠯᠪᠡᠷᠢ ᠲᠡᠰᠢ ᠰᠢᠯᠵᠢᠭᠦᠯᠬᠦ ᠬᠡᠷᠡᠭᠲᠡᠢ᠃ |
Original Literature |
No Original Paper
|
出自 |
内蒙古民族大学学报(社会科学)
2001年
第3期
|