Paper Information


Title ᠳᠠᠯᠠᠢᠨᠠᠭᠤᠷ ᠤᠨ ᠪᠠᠢᠭᠠᠯᠢ ᠶᠢᠨ ᠬᠠᠮᠠᠭᠠᠯᠠᠯᠲᠠ ᠶᠢᠨ ᠣᠷᠤᠨ ᠤ ᠠᠮᠢ ᠠᠬᠤᠢᠲᠤ ᠵᠢᠭᠤᠯᠴᠢᠯᠠᠯ ᠤᠨ ᠰᠤᠷᠠᠭ ᠵᠠᠩᠭᠢ ᠶᠢᠨ ᠰᠢᠰᠲ᠋ᠧᠮ ᠦᠨ ᠪᠦᠲᠦᠴᠡ ᠶᠢᠨ ᠲᠦᠯᠦᠪᠵᠢᠭᠦᠯᠭᠡ
Creator ᠡᠷᠳᠡᠨᠢᠭᠡᠷᠡᠯ
Keyword ᠳᠠᠯᠠᠢᠨᠠᠭᠤᠷ ᠤᠨ ᠪᠠᠢᠭᠠᠯᠢ ᠶᠢᠨ ᠬᠠᠮᠠᠭᠠᠯᠠᠯᠲᠠ ᠶᠢᠨ ᠣᠷᠤᠨ; ᠠᠮᠢ ᠠᠬᠤᠢᠲᠤ ᠵᠢᠭᠤᠯᠴᠢᠯᠠᠯ; ᠰᠤᠷᠠᠭ ᠵᠠᠩᠭᠢ ᠶᠢᠨ ᠰᠢᠰᠲ᠋ᠧᠮ; ᠦᠷᠭᠦᠯᠵᠢᠯᠡᠬᠦᠢᠴᠡ ᠬᠦᠭᠵᠢᠯᠲᠡ
Abstract ᠳᠠᠯᠠᠢᠨᠠᠭᠤᠷ ᠤᠨ ᠪᠠᠢᠭᠠᠯᠢ ᠶᠢᠨ ᠬᠠᠮᠠᠭᠠᠯᠠᠯᠲᠠ ᠶᠢᠨ ᠣᠷᠤᠨ ᠢᠶᠠᠷ ᠵᠢᠱᠢᠶᠡᠯᠡᠨ᠂ ᠠᠮᠢ ᠠᠬᠤᠢᠲᠤ ᠵᠢᠭᠤᠯᠴᠢᠯᠠᠯ ᠤᠨ ᠰᠤᠷᠠᠭ ᠵᠠᠩᠭᠢ ᠶᠢᠨ ᠰᠢᠰᠲ᠋ᠧᠮ ᠦᠨ ᠪᠦᠲᠦᠴᠡ ᠳᠦ ᠶᠡᠷᠦᠩᠬᠡᠶᠢᠯᠡᠭᠰᠡᠭᠨ ᠲᠦᠯᠦᠪᠵᠢᠭᠦᠯᠭᠡ ᠬᠢᠭᠰᠡᠨ ᠪᠠᠢᠨ᠎ᠠ᠃ ᠲᠤᠰ ᠰᠢᠰᠲ᠋ᠧᠮ ᠨᠢ ᠭᠠᠵᠠᠷ ᠵᠦᠢ ᠶᠢᠨ ᠰᠤᠷᠠᠭ ᠵᠠᠩᠭᠢ ᠶᠢᠨ ᠰᠢᠰᠲ᠋ᠧᠮ ᠳᠦ ᠰᠠᠭᠤᠷᠢᠯᠠᠨ᠂ ᠠᠮᠢ ᠠᠬᠤᠢᠲᠤ ᠵᠢᠭᠤᠯᠴᠢᠯᠠᠯ ᠳᠤ ᠬᠠᠮᠢᠶᠠᠷᠤᠯᠲᠠ ᠬᠢᠵᠦ᠂ ᠵᠢᠭᠤᠯᠴᠢᠯᠠᠭᠴᠢᠳ ᠲᠤ ᠦᠢᠯᠡᠴᠢᠯᠡᠭᠡ ᠬᠠᠩᠭᠠᠬᠤ ᠪᠠᠷ ᠬᠠᠷᠠᠯᠲᠠ ᠪᠤᠯᠭᠠᠭᠰᠠᠨ ᠪᠠᠢᠨ᠎ᠠ᠃ ᠳᠠᠯᠠᠢᠨᠠᠭᠤᠷ ᠤᠨ ᠬᠠᠮᠭᠠᠯᠠᠯᠲᠠ ᠶᠢᠨ ᠣᠷᠤᠨ ᠤ ᠠᠮᠢ ᠠᠬᠤᠢᠲᠤ ᠵᠢᠭᠤᠯᠴᠢᠯᠠᠯ ᠤᠨ ᠰᠤᠷᠠᠭ ᠵᠠᠩᠭᠢ ᠶᠢᠨ ᠰᠢᠰᠲ᠋ᠡᠮ ᠢ ᠭᠠᠵᠠᠷ ᠵᠦᠢ ᠶᠢᠨ ᠰᠤᠷᠠᠭ ᠵᠠᠩᠭᠢ ᠶᠢᠨ ᠰᠢᠰᠲ᠋ᠧᠮ᠂ ᠬᠠᠮᠢᠶᠠᠷᠤᠯᠲᠠ ᠶᠢᠨ ᠰᠢᠰᠲ᠋ᠧᠮ ᠪᠤᠯᠤᠨ ᠦᠢᠯᠡᠴᠢᠯᠡᠭᠡᠨ ᠦ ᠰᠢᠰᠲ᠋ᠧᠮ ᠭᠡᠵᠦ ᠭᠤᠷᠪᠠᠨ ᠬᠡᠰᠡᠭ ᠬᠤᠪᠢᠶᠠᠵᠤ ᠪᠤᠯᠤᠨ᠎ᠠ᠃ ᠭᠠᠵᠠᠷ ᠵᠦᠢ ᠶᠢᠨ ᠰᠤᠷᠠᠭ ᠵᠠᠩᠭᠢ ᠶᠢᠨ ᠰᠢᠰᠲ᠋ᠧᠮ ᠳᠦ ᠬᠠᠮᠠᠭᠠᠯᠠᠯᠲᠠ ᠶᠢᠨ ᠣᠷᠤᠨ ᠤ ᠭᠠᠵᠠᠷ ᠵᠦᠢ ᠶᠢᠨ ᠦᠨᠳᠦᠰᠦᠨ ᠪᠠᠢᠳᠠᠯ ᠢ ᠪᠠᠭᠲᠠᠭᠠᠵᠤ᠂ ᠠᠮᠢ ᠠᠬᠤᠢ ᠶᠢᠨ ᠣᠷᠴᠢᠨ ᠲᠤᠭᠤᠷᠢᠨ ᠤ ᠬᠤᠪᠢᠷᠠᠯᠲᠠ ᠶᠢᠨ ᠪᠠᠢᠳᠠᠯ ᠢ ᠳᠤᠰᠬᠠᠨ᠎ᠠ᠃ ᠠᠮᠢ ᠠᠬᠤᠢᠲᠤ ᠵᠢᠭᠤᠯᠴᠢᠯᠠᠯ ᠤᠨ ᠬᠠᠮᠢᠶᠠᠷᠤᠯᠲᠠ ᠶᠢᠨ ᠰᠢᠰᠲ᠋ᠧᠮ ᠨᠢ ᠵᠢᠭᠤᠯᠴᠢᠯᠠᠯ ᠤᠨ ᠠᠵᠢᠯᠯᠠᠭᠠᠨ ᠤ ᠬᠦᠴᠦᠯᠡᠴᠡ ᠪᠤᠯᠤᠨ ᠵᠢᠭᠤᠯᠴᠢᠯᠠᠭᠴᠢᠳ ᠤᠨ ᠬᠦᠮᠦᠨ ᠦ ᠲᠤᠭ᠎ᠠ ᠶᠢ ᠲᠤᠬᠢᠷᠠᠭᠤᠯᠤᠨ ᠦᠷᠭᠦᠯᠵᠢᠯᠡᠭᠦᠢᠴᠡ ᠬᠦᠭᠵᠢᠯᠲᠡ ᠶᠢᠨ ᠬᠡᠷᠡᠭᠴᠡᠭᠡ ᠶᠢ ᠬᠠᠩᠭᠠᠬᠤ ᠬᠠᠷᠠᠯᠲᠠ ᠲᠠᠢ ᠪᠠᠢᠳᠠᠭ᠃ ᠠᠮᠢ ᠠᠬᠤᠢᠲᠤ ᠵᠢᠭᠤᠯᠴᠢᠯᠠᠯ ᠤᠨ ᠬᠠᠮᠢᠶᠠᠷᠤᠯᠲᠠ ᠶᠢᠨ ᠰᠢᠰᠲ᠋ᠧᠮ ᠪᠤᠯᠤᠨ ᠭᠠᠵᠠᠷ ᠵᠦᠢ ᠶᠢᠨ ᠰᠤᠷᠠᠭ ᠵᠠᠩᠭᠢ ᠶᠢᠨ ᠰᠢᠰᠲ᠋ᠧᠮ ᠨᠢ ᠠᠮᠢ ᠠᠬᠤᠢᠲᠤ ᠵᠢᠭᠤᠯᠴᠢᠯᠠᠯ ᠤᠨ ᠦᠢᠯᠡᠴᠢᠯᠡᠭᠡᠨ ᠦ ᠰᠢᠰᠲ᠋ᠧᠮ ᠳᠤ ᠵᠢᠭᠤᠯᠴᠢᠯᠠᠯ ᠤᠨ ᠰᠤᠷᠠᠭ ᠵᠠᠩᠭᠢ ᠬᠠᠩᠭᠠᠵᠤ ᠵᠢᠭᠤᠯᠴᠢᠯᠠᠭᠰᠠᠨ ᠲᠤ ᠦᠢᠯᠡᠴᠢᠯᠡᠳᠡᠭ᠌ ᠪᠠᠢᠨ᠎ᠠ᠃
Original Literature No Original Paper
出自 内蒙古师范大学学报(自然科学蒙古文版) 2013年 第2期

联系我们


内蒙古大学图书馆
呼和浩特市大学西路235号
中国·内蒙古
P: (0471) 4992561
E: huangfeilong@imu.edu.cn