Paper Information


Title ᠴᠢᠩ ᠤᠯᠤᠯᠰ ᠤᠨ ᠪᠤᠳᠤᠯᠭ᠎ᠠ ᠬᠢᠭᠡᠳ ᠮᠣᠩᠭᠣᠯ ᠦᠨᠳᠦᠰᠦᠳᠡᠨ ᠦ ᠲᠤᠷᠤᠢ᠌ᠳᠠᠯ
Creator ᠰᠤᠳᠤᠪᠢᠯᠢᠭ᠌
Keyword ᠴᠢᠩ ᠤᠯᠤᠯᠰ ᠤᠨ ᠪᠤᠳᠤᠯᠭ᠎ᠠ; ᠮᠣᠩᠭᠣᠯ ᠦᠨᠳᠦᠰᠦᠳᠡᠨ;ᠲᠤᠷᠤᠢ᠌ᠳᠠᠯ
Abstract ᠮᠠᠨᠵᠦ ᠦᠨᠳᠦᠰᠦᠳᠡᠨ ᠦ ᠪᠠᠢ᠌ᠭᠤᠯᠤᠭᠰᠠᠨ ᠴᠢᠩ ᠤᠯᠤᠰ ᠳᠤᠮᠳᠠᠳᠤ ᠤᠯᠤᠰ ᠢ 268 ᠵᠢᠯ ᠤᠨ ᠤᠷᠲᠤ ᠬᠤᠭᠤᠴᠠᠭ᠎ᠠ ᠪᠡᠷ ᠨᠤᠶᠠᠷᠬᠠᠵᠤ ᠴᠢᠳᠠᠭᠰᠠᠨ ᠨᠢ ᠳᠡᠭᠦᠨ ᠦ ᠦᠨᠳᠦᠰᠦᠳᠡᠨ ᠦ ᠲᠦᠷᠦ ᠶᠢᠨ ᠪᠤᠳᠤᠯᠭ᠎ᠠ ᠯᠤᠭ᠎ᠠ ᠨᠢᠭ᠌ᠳᠠ ᠬᠤᠯᠪᠤᠭ᠎ᠠ ᠲᠠᠢ ᠪᠢᠯᠡ᠃ ᠴᠢᠩ ᠤᠯᠤᠰ ᠤᠨ ᠡᠬᠢᠨ ᠦ ᠦᠶ ᠠ ᠶᠢᠨ ᠳᠡᠦᠬᠡ ᠡᠴᠡ ᠦᠵᠡᠪᠡᠯ ᠳᠡᠭᠦᠨ ᠦ ᠮᠤᠩᠭ᠋ᠤᠯ ᠳᠤ ᠬᠡᠷᠡᠭᠵᠢᠭᠦᠯᠦᠭᠰᠡᠨ ᠪᠤᠳᠤᠯᠭ᠎ᠠ ᠨᠢ ᠮᠠᠰᠢ ᠪᠦᠳᠦᠮᠵᠢᠲᠠᠢ ᠪᠠᠢ᠌ᠵᠤ᠂ ᠪᠦᠬᠦᠢ᠌ᠯᠡ ᠳᠤᠮᠳᠠᠳᠤ ᠤᠯᠤᠰ ᠤᠨ ᠨᠢᠭᠡᠳᠦᠯ᠂ ᠬᠢᠯᠢ ᠬᠢᠵᠠᠭᠠᠷ ᠤᠨ ᠤᠷᠤᠨ ᠦ ᠪᠡᠬᠢᠵᠢᠯ ᠵᠢᠴᠢ ᠦᠨᠳᠦᠰᠦᠳᠡᠨ ᠦ ᠬᠤᠭᠤᠷᠤᠨᠳᠦᠬᠢ ᠬᠠᠷᠢᠴᠠᠭ᠎ᠠ ᠶᠢ ᠰᠠᠢ᠌ᠵᠢᠷᠠᠭᠤᠯᠬᠤ ᠲᠠᠯ ᠠ ᠪᠡᠷ ᠢᠳᠡᠪᠬᠢᠲᠠᠢ ᠦᠢᠯᠡᠳᠦᠯ ᠭᠠᠷᠭᠠᠭᠰᠠᠨ ᠶᠤᠮ᠃ ᠬᠡᠪᠡᠴᠦ ᠹᠸᠦᠳᠠᠯ ᠤᠨ ᠭᠠᠭᠴᠠᠭᠠᠷ ᠡᠵᠡᠷᠬᠡᠬᠡᠯᠡᠯᠳᠦ ᠬᠠᠭᠠᠨᠳᠤ ᠲᠦᠷᠦ ᠶᠢᠨ ᠬᠤᠪᠢ ᠳᠤ ᠴᠢᠩ ᠤᠯᠤᠰ ᠤᠨ ᠨᠤᠶᠠᠷᠬᠠᠭᠴᠢᠳ ᠨᠢ ᠮᠣᠩᠭ᠋ᠣᠯᠴᠤᠳ ᠢ ᠬᠡᠰᠡᠭᠯᠡᠨ ᠰᠠᠯᠭᠠᠬᠤ ᠪᠠ ᠬᠢᠵᠠᠭᠠᠷᠯᠠᠬᠤ ᠪᠤᠳᠤᠯᠭ᠎ᠠ ᠶᠢ ᠭᠡᠷᠡᠭᠵᠢᠭᠦᠯᠦᠭᠰᠡᠭᠡᠷ ᠢᠷᠡᠭᠰᠡᠨ ᠨᠢ ᠮᠦᠨ ᠴᠤ ᠳᠡᠦᠬᠡ ᠶᠢᠨ ᠦᠨᠡᠨ ᠪᠢᠯᠡ᠃ ᠪᠢᠳᠡ ᠴᠢᠩ ᠤᠯᠤᠰ ᠤᠨ ᠮᠣᠩᠭᠣᠯ ᠳᠤ ᠬᠡᠷᠡᠭᠵᠢᠭᠦᠯᠦᠭᠰᠡᠨ ᠪᠤᠳᠤᠯᠭ᠎ᠠ ᠶᠢᠨ ᠠᠮᠵᠢᠯᠳᠡ ᠪᠦᠳᠦᠮᠵᠢᠳᠠᠢ ᠲᠠᠯ ᠠ ᠶᠢ ᠨᠤᠳᠠᠯᠠᠵᠤ ᠦᠨᠡᠯᠡᠬᠦ ᠶᠢᠨ ᠬᠠᠮᠳᠤ ᠳᠡᠭᠦᠨ ᠦ ᠨᠠᠵᠠᠭᠠᠢ ᠲᠠᠯ ᠠ ᠶᠢ ᠪᠠᠰᠠ ᠤᠯᠵᠤ ᠬᠠᠶᠠᠨ ᠳᠡᠦᠬᠡ ᠶᠢ ᠪᠤᠰᠤᠳᠴᠢ ᠪᠡᠷ ᠳᠠᠨᠨᠢᠬᠤ ᠶᠤᠰᠤᠲᠠᠢ᠃
Original Literature View Original Paper
出自 内蒙古大学学报 2002年 第3期

联系我们


内蒙古大学图书馆
呼和浩特市大学西路235号
中国·内蒙古
P: (0471) 4992561
E: huangfeilong@imu.edu.cn