Paper Information


Title ᠬᠦᠬᠡᠬᠤᠳᠡ ᠤᠷᠤᠨ ᠤ ᠮᠤᠩᠭ᠋ᠤᠯ ᠬᠤᠭᠤᠯᠠᠨ ᠤ ᠦᠢᠯᠡᠰ ᠤᠨ ᠰᠤᠶᠤᠯ ᠤᠨ ᠡᠵᠡᠩᠨᠡᠨ ᠪᠤᠷᠤᠯᠠᠭᠤᠯᠤᠯᠳᠠ ᠶᠢᠨ ᠲᠤᠬᠠᠢ
Creator ᠴᠢᠩ ᠬᠤᠸᠠ
Keyword ᠬᠦᠬᠡᠬᠤᠳᠡ ᠤᠷᠤᠨ; ᠮᠤᠩᠭ᠋ᠤᠯ ᠬᠤᠭᠤᠯᠠᠨ ᠤ ᠦᠢᠯᠡᠰ; ᠰᠤᠶᠤᠯ ᠤᠨ ᠡᠵᠩᠨᠡᠨ ᠪᠤᠷᠤᠯᠠᠭᠤᠯᠤᠯᠳᠠ
Abstract ᠤᠳᠤᠬᠢ ᠵᠠᠬ᠎ᠠ ᠲᠡᠯᠭᠡᠭᠦᠷ ᠤᠨ ᠠᠵᠤ ᠠᠬᠤᠢ ᠶᠢᠨ ᠠᠵᠢᠯᠯᠠᠭ᠎ᠠ ᠲᠤᠮᠳᠠ ᠰᠤᠶᠤᠯ ᠤᠨ ᠡᠵᠡᠩᠨᠡᠨ ᠪᠤᠷᠤᠯᠠᠭᠤᠯᠤᠯᠳᠠ ᠨᠢ ᠨᠢᠭᠡᠨᠳᠡ ᠬᠡᠷᠡᠭᠯᠡᠭᠴᠢᠳ ᠤᠨ ᠱᠠᠭᠠᠷᠳᠠᠯᠭ᠎ᠠ ᠳᠤ ᠨᠡᠢ᠌ᠴᠡᠭᠰᠡᠨ᠂ ᠠᠵᠤ ᠠᠬᠤᠢ᠌ᠯᠠᠯ ᠤᠨ ᠵᠦᠷᠢᠶᠡᠳᠦ ᠲᠠᠪᠠᠭᠤᠯᠢᠭ ᠲᠠᠯ᠎ᠠ ᠶᠢ ᠪᠦᠳᠦᠭᠡᠨ ᠪᠠᠢ᠌ᠭᠤᠯᠬᠤ᠂ ᠠᠵᠤ ᠠᠬᠤᠢ᠌ᠯᠠᠯ ᠤᠨ ᠭᠤᠤᠯᠳᠠᠯᠭᠠᠳᠤ ᠦᠷᠢᠰᠦᠯᠳᠦᠬᠦ ᠬᠦᠴᠦᠨ ᠢ ᠨᠡᠮᠡᠭᠳᠡᠭᠦᠯᠬᠦ ᠴᠢᠬᠤᠯᠠ ᠠᠷᠭ᠎ᠠ ᠪᠠᠷᠢᠯ ᠪᠤᠯᠵᠠᠢ᠃ ᠮᠤᠩᠭ᠋ᠤᠯ ᠬᠤᠭᠤᠯᠠᠨ ᠤ ᠦᠢᠯᠡᠰ ᠨᠢ ᠭᠦᠨ ᠵᠤᠵᠠᠭᠠᠨ ᠰᠤᠶᠤᠯ ᠤᠨ ᠡᠬᠢ ᠡᠭᠦᠰᠦᠯ ᠲᠠᠢ ᠶᠤᠮ᠃ ᠲᠡᠷᠡ ᠨᠢ ᠰᠤᠶᠤᠯ ᠤᠨ ᠡᠵᠡᠩᠨᠡᠨ ᠪᠤᠷᠤᠯᠠᠭᠤᠯᠤᠯᠳᠠ ᠶᠢᠨ ᠠᠷᠭ᠎ᠠ ᠪᠤᠳᠤᠯᠭ᠎ᠠ ᠶᠢ ᠵᠦᠢ ᠵᠤᠬᠢᠰᠳᠠᠢ ᠪᠡᠷ ᠠᠰᠢᠭᠯᠠᠨ᠂ ᠰᠤᠶᠤᠯ ᠤᠨ ᠡᠯᠸᠮᠸᠨ᠋ᠲ᠋ ᠤᠨ ᠡᠵᠡᠩᠨᠡᠨ ᠪᠤᠷᠤᠯᠠᠭᠤᠯᠤᠯᠳᠠ ᠶᠢᠨ ᠠᠵᠢᠯᠯᠠᠭᠠᠨ ᠳᠤ ᠦᠵᠡᠭᠦᠯᠬᠦ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠡᠷᠡᠭᠯᠡᠭᠴᠢᠳ ᠤᠨ ᠲᠤᠰ ᠠᠵᠤ ᠠᠬᠤᠢ᠌ᠯᠡᠯ ᠤᠨ ᠪᠦᠳᠦᠭᠡᠭ᠍ᠳᠡᠭᠦᠨ ᠳᠤ ᠲᠠᠯᠪᠢᠬᠤ ᠱᠠᠭᠠᠷᠳᠠᠯᠭ᠎ᠠ ᠶᠢ ᠰᠡᠷᠭᠦᠭᠡᠭᠡᠳ᠂ ᠬᠡᠷᠡᠭᠯᠡᠭᠴᠢᠳ ᠲᠤ ᠲᠠᠭᠠᠰᠢᠶᠠᠭᠳᠠᠪᠠᠯ ᠰᠠᠶ᠊ᠢ ᠬᠤᠷᠴᠠ ᠰᠢᠷᠦᠭᠦᠨ ᠦᠷᠢᠰᠦᠯᠳᠦᠭᠦᠨ ᠤ ᠲᠤᠮᠳᠠ ᠢᠯᠠᠭᠳᠠᠰᠢ ᠦᠭᠡᠢ ᠪᠤᠯᠵᠤ ᠴᠢᠳᠠᠨ᠎ᠠ᠃
Original Literature View Original Paper
出自 内蒙古社会科学(蒙文版) 2016年 第2期

联系我们


内蒙古大学图书馆
呼和浩特市大学西路235号
中国·内蒙古
P: (0471) 4992561
E: huangfeilong@imu.edu.cn