Title |
ᠶᠡᠬᠡ ᠰᠤᠷᠭᠠᠭᠤᠯᠢ ᠵᠢᠨ ᠵᠢᠭᠠᠬᠤ ᠮᠠᠲ᠋ᠸᠷᠢᠶᠠᠯ ᠢ ᠬᠡᠷᠬᠢᠨ ᠰᠤᠩᠭ᠋ᠤᠵᠤ ᠬᠡᠷᠡᠭᠯᠡᠬᠦ ᠲᠣᠬᠠᠢ |
Creator |
ᠬᠠᠰᠪᠠᠭᠠᠲᠤᠷ |
Keyword |
ᠶᠡᠬᠡ ᠰᠤᠷᠭᠠᠭᠤᠯᠢ; ᠵᠢᠭᠠᠬᠤ ᠮᠠᠲ᠋ᠸᠷᠢᠶᠠᠯ; ᠰᠢᠯᠢᠨ ᠰᠤᠩᠭ᠋ᠤᠬᠤ |
Abstract |
ᠶᠡᠬᠡ ᠰᠤᠷᠭᠠᠭᠤᠯᠢ ᠵᠢᠨ ᠵᠢᠭᠠᠬᠤ ᠮᠠᠲ᠋ᠸᠷᠢᠶᠠᠯ ᠤᠨ ᠰᠢᠯᠢᠨ ᠰᠤᠩᠭ᠋ᠤᠯᠲᠠ ᠨᠢ ᠵᠠᠪᠠᠯ ᠦᠪᠡᠷ ᠤᠨ ᠦᠵᠡᠯ ᠣᠶᠢᠯᠠᠭᠠᠭᠳᠠᠬᠤᠨ᠂ ᠦᠪᠡᠷ ᠤᠨ ᠠᠷᠭ᠋ ᠠ ᠮᠠᠶᠢᠭ᠂ ᠦᠪᠡᠷ ᠤᠨ ᠣᠨᠴᠯᠠᠢᠭ ᠲᠠᠢ ᠪᠠᠶᠢᠬᠤ ᠵᠢ ᠴᠢᠬᠤᠯᠴᠢᠯᠠᠨ ᠠᠩᠭᠠᠷᠬᠤ ᠬᠡᠷᠡᠭᠲᠡᠢ᠃ ᠨᠢᠭᠡ᠂ ᠵᠢᠭᠠᠬᠤ ᠮᠠᠲ᠋ᠸᠷᠢᠶᠠᠯ ᠢ ᠰᠤᠩᠭ᠋ᠤᠬᠤ ᠵᠢᠨ ᠤᠴᠢᠷ᠄ ᠴᠠᠭ ᠦᠶ ᠡ ᠵᠢᠨ ᠱᠠᠭᠠᠷᠳᠠᠯᠭ᠋ ᠠ; ᠲᠤᠰᠭᠠᠢ ᠮᠡᠷᠭᠡᠵᠢᠯ ᠤᠨ ᠬᠡᠷᠡᠭᠴᠡᠭᠡ; ᠵᠠᠷᠤᠳᠠᠯ ᠮᠦᠩᠭᠦᠨ ᠤ ᠴᠢᠬᠤᠯᠴᠢᠯᠠᠭ᠋ ᠠ ᠪᠣᠯᠤᠨ᠌ ᠠ᠃ ᠬᠣᠶᠠᠷ᠂ ᠵᠢᠭᠠᠬᠤ ᠮᠠᠲ᠋ᠸᠷᠢᠶᠠᠯ ᠢ ᠰᠤᠩᠭ᠋ᠤᠬᠤ ᠵᠢᠨ ᠦᠨᠳᠦᠰᠦᠯᠡᠯ᠄ ᠰᠤᠷᠭᠠᠭᠤᠯᠢ ᠡᠷᠬᠢᠯᠡᠬᠦ ᠵᠢᠯᠣᠭᠤᠳᠬᠤ ᠦᠵᠡᠯ ᠰᠠᠨᠠᠭ᠋ ᠠ ᠵᠢ ᠵᠢᠷᠤᠮᠯᠠᠬᠤ; ᠲᠤᠰᠭᠠᠢ ᠮᠡᠷᠭᠡᠵᠢᠯ ᠤᠨ ᠬᠡᠷᠡᠭᠴᠡᠭᠡ ᠳᠤ ᠵᠣᠬᠢᠴᠠᠭᠤᠯᠬᠤ; ᠵᠢᠭᠠᠨ ᠰᠤᠷᠭᠠᠯᠲᠠ ᠵᠢᠨ ᠶᠠᠰᠤ ᠴᠢᠠᠷ ᠤᠨ ᠳᠡᠭᠡᠭ᠍ᠰᠢᠯᠡᠯᠲᠡ ᠳᠤ ᠦᠢᠯᠡᠴᠢᠯᠡᠨ᠌ ᠡ᠃ ᠭᠤᠷᠪᠠ᠂ ᠵᠢᠭᠠᠬᠤ ᠮᠠᠲ᠋ᠸᠷᠢᠶᠠᠯ ᠤᠨ ᠪᠠᠶᠢᠭᠤᠯᠤᠯᠲᠠ ᠵᠢ ᠰᠠᠶᠢᠵᠢᠷᠠᠭᠤᠯᠬᠤ᠄ ᠰᠢᠨᠵᠢᠯᠡᠬᠦ ᠤᠬᠠᠭᠠᠨᠴᠢ ᠲᠣᠭᠲᠠᠯᠴᠠᠭ᠋ ᠠ ᠵᠢ ᠪᠡᠶᠡᠯᠡᠭᠦᠯᠬᠦ; ᠰᠢᠯᠢᠳᠡᠭ ᠵᠢᠭᠠᠬᠤ ᠮᠠᠲ᠋ᠸᠷᠢᠶᠠᠯ ᠢ ᠴᠠᠭ ᠲᠤᠨᠢ ᠬᠠᠩᠭ᠋ᠠᠬᠤ; ᠦᠢᠯᠡᠳᠦᠯᠭᠡ ᠵᠢᠨ ᠳᠤᠮᠳᠠ ᠲᠠᠰᠤᠷᠠᠯᠲᠠ ᠦᠭᠡᠢ ᠪᠣᠯᠪᠠᠰᠤᠷᠠᠭᠤᠯᠤᠨ ᠳᠡᠭᠡᠭ᠍ᠰᠢᠯᠡᠭᠦᠯᠦᠨ᠌ ᠡ᠃ |
Original Literature |
View Original Paper
|
出自 |
内蒙古民族大学学报(社会科学)
2006年
第4期
|