Paper Information


Title ᠳᠡᠭᠡᠳᠦ ᠮᠣᠩᠭᠤᠯ ᠤᠨ ᠣᠳᠣ ᠦᠶ᠎ᠡ ᠶᠢᠨ ᠲᠦᠷᠦᠯᠬᠢ ᠬᠡᠯᠡᠨ ᠦ ᠨᠠᠢᠷᠠᠭᠤᠯᠤᠯ ᠤᠨ ᠬᠦᠭᠵᠢᠯ ᠦᠨ ᠲᠤᠢᠮᠤ ᠲᠤᠭᠠᠴᠢᠯ
Creator ᠰᠠᠷᠠᠨ᠎ᠠ
Keyword ᠳᠡᠭᠡᠳᠦ ᠮᠣᠩᠭᠤᠯ; ᠨᠠᠢᠷᠠᠭᠤᠯᠤᠯ; ᠬᠦᠭᠵᠢᠯ
Abstract ᠳᠡᠯᠡᠬᠡᠢ ᠶᠢᠨ 《ᠰᠡᠭᠡᠷ ᠨᠢᠷᠤᠭᠤ》 ᠬᠡᠮᠡᠭᠳᠡᠭᠰᠡᠨ ᠬᠦᠬᠡᠨᠠᠭᠤᠷ ᠲᠦᠪᠡᠳ ᠦᠨ ᠦᠨᠳᠦᠷᠯᠢᠭ ᠲᠦ ᠬᠡᠳᠦᠨ ᠵᠠᠭᠤᠨ ᠵᠢᠯ ᠦᠨ ᠲᠤᠷᠰᠢᠲᠠ ᠠᠵᠤ ᠲᠦᠷᠦᠨ ᠠᠮᠢᠳᠤᠷᠠᠭᠰᠠᠭᠠᠷ ᠢᠷᠡᠭᠰᠡᠨ ᠳᠡᠭᠡᠳᠦ ᠮᠣᠩᠭᠤᠯᠴᠤᠳ ᠪᠤᠯ ᠮᠣᠩᠭᠤᠯ ᠦᠨᠳᠦᠰᠦᠲᠡᠨ ᠦ ᠳᠤᠲᠠᠭᠳᠠᠵᠤ ᠪᠤᠯᠤᠰᠢ ᠦᠭᠡᠢ ᠴᠢᠬᠤᠯᠠ ᠨᠢᠭᠡᠨ ᠪᠦᠷᠢᠯᠳᠦᠭᠦᠨ ᠬᠡᠰᠡᠭ ᠮᠦᠨ᠃ ᠳᠡᠭᠡᠳᠦ ᠮᠣᠩᠭᠤᠯᠴᠤᠳ ᠬᠦᠬᠡᠨᠠᠭᠤᠷ ᠲᠦᠪᠡᠳ ᠦᠨ ᠦᠨᠳᠦᠷᠯᠢᠭ ᠦᠨ ᠬᠡᠳᠦᠨ ᠵᠠᠭᠤᠨ ᠵᠢᠯ ᠦᠨ ᠨᠠᠷᠠ ᠰᠠᠯᠬᠢ ᠶᠢ ᠲᠤᠭᠤᠯᠵᠤ ᠢᠷᠡᠬᠦ ᠳᠡᠭᠡᠨ ᠦᠪᠡᠷ ᠦᠨ ᠣᠷᠤᠨ ᠨᠤᠲᠤᠭ ᠤᠨ ᠦᠪᠡᠷᠮᠢᠴᠡ ᠣᠨᠴᠠᠯᠢᠭ ᠪᠦᠬᠦᠢ ᠰᠤᠶᠤᠯ ᠤᠷᠠᠯᠢᠭ ᠢ ᠡᠭᠦᠳᠦᠨ ᠪᠦᠲᠦᠭᠡᠵᠦ᠂ ᠤᠯᠠᠮᠵᠢᠯᠠᠨ ᠬᠦᠭᠵᠢᠭᠦᠯᠵᠦ ᠨᠡᠢᠲᠡ ᠮᠣᠩᠭᠤᠯ ᠤᠨ ᠰᠤᠶᠤᠯ ᠤᠨ ᠰᠠᠩ ᠤᠨ ᠪᠠᠶᠠᠨ ᠬᠦᠮᠦᠷᠭᠡ ᠳᠦ ᠦᠪᠡᠷ ᠦᠨ ᠬᠤᠪᠢ ᠨᠡᠮᠡᠭᠦᠷᠢ ᠪᠡᠨ ᠦᠵᠡᠭᠦᠯᠦᠭᠰᠡᠭᠡᠷ ᠢᠷᠡᠵᠡᠢ᠃ ᠳᠡᠭᠡᠳᠦ ᠮᠣᠩᠭᠤᠯ ᠤᠨ ᠣᠳᠣ ᠦᠶ᠎ᠡ ᠶᠢᠨ ᠨᠠᠢᠷᠠᠭᠤᠯᠤᠯ ᠤᠨ ᠵᠤᠬᠢᠶᠠᠯ ᠨᠢ ᠨᠡᠢᠲᠡ ᠮᠣᠩᠭᠤᠯ ᠣᠳᠣ ᠦᠶ᠎ᠡ ᠶᠢᠨ ᠨᠠᠢᠷᠠᠭᠤᠯᠤᠯ ᠤᠨ ᠨᠡᠢᠲᠡᠯᠢᠭ ᠰᠢᠨᠵᠢ ᠬᠠᠳᠠᠭᠠᠯᠠᠭᠳᠠᠬᠤ ᠪᠠᠷ ᠪᠠᠷᠠᠬᠤ ᠦᠭᠡᠢ ᠦᠪᠡᠷ ᠦᠨ ᠭᠡᠰᠡᠨ ᠣᠷᠤᠨ ᠨᠤᠲᠤᠭ ᠤᠨ ᠦᠪᠡᠷᠮᠢᠴᠡ ᠣᠨᠴᠠᠯᠢᠭ ᠴᠤ ᠣᠨᠴᠠᠯᠠᠭᠳᠠᠵᠤ ᠪᠠᠢᠳᠠᠭ᠃ ᠡᠨᠳᠡ ᠭᠤᠴᠢ ᠭᠠᠷᠤᠢ ᠵᠢᠯ ᠤᠨ ᠨᠠᠢᠷᠠᠭᠤᠯᠤᠯ ᠤᠨ ᠵᠤᠬᠢᠶᠠᠯ ᠤᠨ ᠬᠦᠭᠵᠢᠯᠲᠡ ᠶᠢ ᠡᠭᠦᠰᠦᠯ ᠪᠦᠷᠢᠯᠳᠦᠯ ᠦᠨ ᠱᠠᠲᠤ ᠦᠶ᠎ᠡ (1980—1989)᠂ ᠦᠰᠦᠯᠲᠡ ᠪᠤᠢᠵᠢᠯᠲᠠ ᠶᠢᠨ ᠱᠠᠲᠤ ᠦᠶ᠎ᠡ (1990—1999)᠂ ᠦᠷᠨᠢᠯ ᠬᠦᠭᠵᠢᠯ ᠦᠨ ᠱᠠᠲᠤ ᠦᠶ᠎ᠡ (2000—2014) ᠭᠡᠵᠦ ᠭᠤᠷᠪᠠᠨ ᠦᠶ ᠡ ᠪᠡᠷ ᠵᠠᠭᠠᠭᠯᠠᠨ ᠬᠤᠪᠢᠶᠠᠵᠤ ᠲᠡᠭᠦᠨ ᠦ ᠬᠦᠭᠵᠢᠯ ᠦᠨ ᠶᠠᠪᠤᠴᠠ᠂ ᠠᠭᠤᠯᠭ᠎ᠠ ᠰᠳᠦᠪᠯᠡᠭᠦᠨ᠂ ᠤᠳᠬ᠎ᠠ ᠰᠠᠨᠠᠭ᠎ᠠ ᠶᠢ ᠳᠤᠷᠠᠳᠴᠤ ᠭᠠᠷᠭᠠᠬᠤ ᠪᠠᠷ ᠵᠤᠷᠢᠯ᠎ᠠ᠃
Original Literature No Original Paper
出自 西部蒙古论坛 2015年 第3期

联系我们


内蒙古大学图书馆
呼和浩特市大学西路235号
中国·内蒙古
P: (0471) 4992561
E: huangfeilong@imu.edu.cn